【  ᠦᠰᠦᠭ ᠪᠢᠴᠢᠭ ᠢᠶᠠᠷ ᠦᠬᠦᠯᠡᠬᠦᠢ 】 ᠷᠠᠰᠢᠶᠠᠨ ᠬᠤᠲᠠ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ 2025 ᠣᠨ ᠤ ᠬᠡᠷᠡᠭᠵᠢᠭᠦᠯᠬᠦ ᠲᠥᠰᠦᠯ ᠤᠨ ᠲᠣᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/4/23
    ᠣᠶᠢᠷ᠎ᠠ ᠳᠤ᠂ ᠷᠠᠰᠢᠶᠠᠨ ᠬᠤᠲᠠ ︽ᠷᠠᠰᠢᠶᠠᠨ ᠬᠤᠲᠠ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ 2025 ᠣᠨ ᠤ ᠬᠡᠷᠡᠭᠵᠢᠭᠦᠯᠬᠦ ᠲᠥᠰᠦᠯ︾ ᠢ ᠨᠡᠶᠢᠲᠡᠯᠡᠪᠡ᠃     ᠨᠢᠭᠡ᠂ ᠶᠠᠭᠤ ᠶᠢ ᠲᠣᠭᠠᠴᠢᠯᠠᠭᠰᠠᠨ ᠵᠠᠰᠠᠭ ᠤᠨ ᠣᠷᠳᠣᠨ ᠭᠡᠬᠦ ᠪᠤᠢ︖    ᠲᠣᠭᠠᠴᠢᠯᠠᠭᠰᠠᠨ ᠵᠠᠰᠠᠭ ᠤᠨ ᠣᠷᠳᠣᠨ ᠪᠣᠯ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠲᠦᠰᠢᠭ ᠪᠣᠯᠭᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠦᠲᠦᠴᠡ ᠶᠢ ᠳᠠᠬᠢᠨ ᠪᠠᠶᠢᠭᠤᠯᠣᠨ᠂ ᠲᠤᠮᠤ ᠳ᠋ᠠᠶᠢᠲ᠋ᠠ ᠶᠢ ᠠᠰᠢᠭᠯᠠᠨ ᠰᠢᠨ᠎ᠡ ᠲᠣᠭᠲᠠᠴᠠ᠂ ᠲᠠᠪᠴᠠᠩ ᠪᠣᠯᠤᠨ ᠠᠷᠭ᠎ᠠ ᠵᠠᠮ ᠢ ᠪᠠᠶᠢᠭᠤᠯᠵᠤ᠂ ᠵᠠᠰᠠᠭ ᠤᠨ ᠣᠷᠳᠣᠨ ᠤ ᠵᠣᠬᠢᠶᠠᠨ ᠪᠠᠶᠢᠭᠤᠯᠤᠯᠲᠠ᠂ ᠠᠵᠢᠯᠯᠠᠭ᠎ᠠ ᠵᠢᠴᠢ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠤ ᠠᠬᠤᠢ᠂ ᠵᠠᠬ᠎ᠠ ᠳᠡᠯᠭᠡᠭᠦᠷ᠂ ᠨᠡᠶᠢᠭᠡᠮ᠂ ᠤᠯᠠᠨ ᠨᠡᠶᠢᠲᠡ ᠶᠢᠨ ᠦᠢᠯᠡᠴᠢᠯᠡᠭᠡ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠤᠯᠠᠨ ᠬᠦᠷᠢᠶᠡᠨ ᠳᠠᠬᠢ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ︽ᠲᠤᠭ᠎ᠠ ᠪᠠᠷᠢᠮᠳᠡ ᠪᠠᠷ ᠦᠭᠡ ᠬᠡᠯᠡᠬᠦ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠦᠢᠯᠡᠴᠢᠯᠡᠬᠦ᠂ ᠰᠢᠨ᠎ᠡ ᠶᠢ ᠡᠭᠦᠳᠬᠦ︾ ᠣᠳᠣᠬᠢᠴᠢᠯᠠᠭᠰᠠᠨ ᠵᠠᠰᠠᠯᠲᠠ ᠶᠢᠨ ᠵᠠᠭᠪᠤᠷ ᠢ ᠪᠦᠷᠢᠯᠳᠦᠭᠦᠯᠣᠨ᠂ ᠵᠠᠰᠠᠭ ᠤᠨ ᠣᠷᠳᠣᠨ ᠤ ᠵᠠᠰᠠᠯᠲᠠ ᠶᠢᠨ ᠪᠦᠬᠦ ᠲᠠᠯ᠎ᠠ ᠶᠢᠨ ᠬᠤᠪᠢᠰᠤᠯᠲᠠ ᠶᠢ ᠠᠬᠢᠭᠤᠯᠵᠤ᠂ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠵᠠᠰᠠᠬᠤ᠂ ᠦᠢᠯᠡᠴᠢᠯᠡᠬᠦ᠂ ᠠᠵᠢᠯᠯᠠᠭᠤᠯᠬᠤ ᠵᠡᠷᠭᠡ ᠤᠯᠠᠨ ᠲᠠᠯ᠎ᠠ ᠶᠢᠨ ᠲᠡᠰ ᠳᠡᠪᠰᠢᠬᠦ ᠶᠢ ᠪᠡᠶᠡᠯᠡᠭᠦᠯᠵᠦ᠂ ᠤᠯᠤᠰ ᠤᠨ ᠵᠠᠰᠠᠯᠲᠠ ᠶᠢᠨ ᠣᠳᠣᠬᠢᠴᠢᠯᠠᠯᠲᠠ ᠳᠤ ᠬᠦᠴᠦᠨ ᠨᠡᠮᠡᠷᠢᠯᠡᠬᠦ ᠵᠠᠰᠠᠭ ᠤᠨ ᠣᠷᠳᠣᠨ ᠢ ᠭᠡᠯᠡᠨ᠎ᠠ᠃    ᠬᠤᠶᠠᠷ᠂ ᠶᠠᠭᠤᠨ ᠳᠤ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ ᠪᠣᠢ︖    ᠣᠳᠣᠬᠢ ᠴᠠᠭ ᠦᠶ᠎ᠡ ᠳᠤ ᠂ ᠡᠯ᠎ᠡ ᠠᠵᠢᠯ ᠲᠥᠷᠥᠯ ᠲᠣᠭᠠᠴᠢᠯᠠᠭᠰᠠᠨ ᠮᠡᠷᠭᠡᠵᠢᠯ ᠢ ᠢᠳᠡᠪᠬᠢᠲᠡᠶ ᠪᠠᠶᠠᠯᠠᠬᠦᠯᠵᠣ ᠪᠣᠢ᠃ ᠷᠠᠰᠢᠶᠠᠨ ᠬᠤᠲᠠ ᠴᠠᠭ ᠦᠶ᠎ᠡ ᠶᠢᠨ ᠠᠯᠬᠤᠭ᠎ᠠ ᠶᠢ ᠴᠢᠩᠭ᠎ᠠ ᠳᠠᠭᠠᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠨᠢ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠪᠣᠯᠤᠨ ᠷᠡᠰᠢᠶᠠᠨ ᠬᠤᠲᠠ ᠶᠢᠨ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃ ᠡᠭᠦᠨ ᠤ ᠬᠠᠮᠲᠤ᠂ ᠵᠠᠰᠠᠭ ᠤᠨ ᠣᠷᠳᠣᠨ ᠤ ᠦᠢᠯᠡᠴᠢᠯᠡᠭᠡ ᠶᠢ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ ᠪᠣᠯᠭᠠᠵᠤ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠣᠯᠠᠨ ᠤ ᠠᠮᠢᠳᠤᠷᠠᠯ ᠢ ᠨᠠᠩ ᠰᠠᠶᠢᠨ ᠪᠣᠯᠭᠠᠬᠤ ᠶᠢᠨ ᠲᠥᠯᠥᠭᠡ ᠶᠤᠮ᠃    ᠭᠤᠷᠪᠠ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠷᠠᠯᠲᠠ    ᠷᠠᠰᠢᠶᠠᠨ ᠬᠤᠳᠠ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠵᠢᠷᠤᠭ ᠲᠥᠯᠥᠪᠯᠡᠭᠡ ᠶᠢ ᠵᠢᠷᠤᠭᠯᠠᠵᠤ᠂ ᠳᠠᠷᠠᠭᠠᠴᠢ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠨᠡᠩ ᠲᠡᠭᠦᠯᠳᠡᠷᠵᠢᠭᠦᠯᠵᠦ᠂ ᠲᠣᠭᠠᠴᠢᠯᠠᠯᠲᠠ᠂ ᠤᠶᠤᠨᠴᠢᠯᠠᠯᠲᠠ ᠶᠢ ᠪᠡᠶᠡᠯᠡᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠦᠬᠦ ᠬᠤᠲᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠪᠠᠳᠠᠷᠠᠭᠤᠯᠤᠨ᠎ᠠ᠃    ᠳᠥᠷᠪᠡ᠂ ᠶᠠᠮᠠᠷ ᠪᠣᠳᠠᠲᠠᠶ ︽ᠠᠰᠠᠷᠠᠮᠵᠢ︾ ᠪᠠᠶᠢᠬᠤ ᠪᠣᠶ︖    ︵ᠨᠢᠭᠡ︶ ᠠᠵᠢᠯ ᠶᠠᠪᠣᠳᠡᠯ ᠭᠦᠢᠴᠡᠳᠭᠡᠬᠦ ᠳᠤ ᠨᠡᠩ ᠳᠥᠭᠦᠮ ᠳᠥᠲᠡ ᠪᠣᠯᠭᠠᠨ᠎ᠠ    1. ᠵᠠᠰᠠᠭ ᠤᠨ ᠶᠠᠪᠤᠳᠠᠯ ᠤᠨ ᠦᠢᠯᠡᠴᠢᠯᠡᠭᠡ ᠨᠠᠩ ᠳᠣᠲᠣᠨᠣ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠭᠤᠯᠤᠭᠰᠠᠨ ︽ᠨᠢᠭᠡ ᠶᠠᠪᠤᠳᠠᠯ︾ ᠤᠨ ᠰᠢᠰᠲ᠋ᠧᠮ ᠢ ᠰᠠᠶᠢᠲᠤᠷ ᠵᠣᠯᠭᠠᠭᠤᠯᠤᠨ ᠬᠡᠷᠡᠭᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠨᠠᠩ ᠰᠠᠶᠢᠨ ᠠᠭᠤᠰᠤᠯᠴᠠᠭᠤᠯᠤᠨ᠎ᠠ᠃ ᠥᠨᠳᠥᠷ ᠳᠠᠪᠲᠠᠮᠵᠢᠲᠤ ᠵᠦᠢᠯᠡᠰ ᠢ ᠰᠦᠯᠵᠢᠶᠡᠨ ᠳᠡᠭᠡᠷ᠎ᠡ ︽ᠬᠢᠵᠦ ᠪᠣᠯᠬᠤ︾ ᠠᠴᠠ ︽ᠭᠦᠢᠴᠡᠳᠬᠡᠬᠦ ᠳᠤ ᠠᠮᠠᠷ᠂ ᠬᠦᠢᠴᠡᠳᠭᠡᠬᠦ ᠳᠤ ᠬᠢᠯᠪᠡᠷ︾ ᠪᠣᠯᠭᠠᠨ ᠬᠤᠪᠢᠷᠠᠭᠤᠯᠵᠤ᠂ ᠠᠵᠢᠯᠯᠠᠭ᠎ᠠ ᠨᠢ ᠨᠠᠩ ᠳᠥᠭᠦᠮ᠂ ᠪᠡᠶᠡᠴᠢᠯᠡᠨ ᠣᠶᠢᠯᠠᠭᠠᠬᠤ ᠲᠥᠷᠥᠭᠳᠡᠯ ᠨᠢ ᠨᠠᠩ ᠰᠠᠶᠢᠨ ᠪᠣᠯᠣᠨ᠎ᠠ᠃    2. ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠬᠢᠯᠪᠠᠷᠬᠠᠨ ᠢᠶᠠᠷ ᠪᠠᠶᠠᠯᠠᠬᠦᠯᠣᠨ᠎ᠠ᠃ ︽ᠮᠦᠩᠭᠡ ᠰᠤᠪᠠᠭ︾ ᠲᠠᠪᠴᠠᠩ ᠳᠤ ᠲᠦᠰᠢᠭᠯᠡᠨ᠂ ᠠᠷᠠᠳ ᠲᠤ ᠲᠥᠬᠦᠮ ᠦᠵᠡᠭᠦᠯᠬᠦ ᠨᠠᠩ ᠣᠯᠠᠨ ᠬᠡᠷᠡᠭᠯᠡᠯᠲᠡ ᠶᠢ ᠤᠬᠠᠭᠤᠯᠤᠨ ᠳᠡᠯᠭᠡᠷᠡᠭᠦᠯᠣᠨ᠎ᠠ᠃ ᠤᠯᠠᠨ ᠢᠶᠠᠷ ᠢᠶᠠᠨ ᠭᠠᠷ ᠤᠲᠠᠰᠤᠨ ᠳᠡᠭᠡᠷ᠎ᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ︽ᠠᠯᠠᠭᠠᠨ ᠳᠡᠭᠡᠷ᠎ᠡ ᠪᠠᠨ ᠦᠨᠡᠨ ᠬᠦ ᠭᠦᠢᠴᠡᠳᠬᠡᠬᠦ︾ ᠶᠢ ᠦᠨᠡᠨ ᠬᠦ ᠪᠡᠶᠡᠯᠡᠭᠦᠯᠣᠨ᠎ᠠ᠃    3. ᠡᠯᠧᠺᠲᠷᠣᠨ ᠭᠡᠷᠡᠴᠢ ᠦᠨᠡᠮᠯᠡᠯ ᠨᠢ ᠨᠠᠩ ᠬᠡᠷᠡᠭᠴᠡᠭᠡ ᠲᠠᠢ ᠪᠣᠯᠣᠨ᠎ᠠ᠃ ᠬᠤᠶᠢᠰᠢᠳᠠ ᠤᠯᠠᠮ ᠠᠴᠠ ᠤᠯᠠᠮ ᠣᠯᠠᠨ ᠭᠡᠷᠡᠴᠢ ᠦᠨᠡᠮᠯᠡᠯ ᠴᠥᠮ ᠡᠯᠧᠺᠲᠷᠣᠨᠴᠢᠯᠠᠵᠤ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠡᠯᠧᠺᠲᠷᠣᠨ ᠭᠡᠷᠡᠴᠢ ᠦᠨᠡᠮᠯᠡᠯ ᠤᠨ ᠰᠢᠰᠲ᠋ᠧᠮ ᠳᠤ ᠲᠦᠰᠢᠭᠯᠡᠨ᠂ ᠡᠯᠧᠺᠲᠷᠣᠨ ᠭᠡᠷᠡᠴᠢ ᠦᠨᠡᠮᠯᠡᠯ ᠤᠨ ᠬᠡᠷᠡᠭᠯᠡᠭᠡᠨ ᠤ ᠬᠦᠷᠢᠶ᠎ᠡ ᠴᠠᠷᠠᠭ᠎ᠠ ᠶᠢ ᠲᠠᠰᠤᠷᠠᠯᠲᠠ ᠥᠬᠡᠶ ᠥᠷᠭᠡᠳᠬᠡᠵᠦ᠂ ᠮᠠᠰᠢ ᠣᠯᠠᠨ ᠲᠤᠬᠠᠶᠢᠯᠠᠭᠰᠠᠨ ᠠᠵᠢᠯ ᠢ ᠴᠥᠮ ︽ᠦᠨᠡᠮᠯᠡᠯ ᠠᠪᠬᠤ ᠥᠬᠡᠶ ᠪᠠᠷ ᠭᠦᠢᠴᠡᠳᠭᠡᠬᠦ︾ ᠶᠢ ᠪᠠᠶᠠᠯᠠᠬᠦᠯᠣᠨ᠎ᠠ᠃    4. ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠣᠨ᠎ᠠ᠃ ︽ᠢᠨᠲ᠋ᠧᠷ ᠰᠦᠯᠵᠢᠶ᠎ᠡ + ᠦᠨᠳᠦᠰᠦᠨ ᠱᠠᠲᠤᠨ ᠤ ᠵᠠᠰᠠᠯᠲᠠ︾ ᠶᠢᠨ ᠠᠵᠢᠯᠯᠠᠭ᠎ᠠ ᠶᠢ ᠬᠡᠷᠡᠭᠵᠢᠭᠦᠯᠵᠦ᠂ ︽ᠨᠢᠭᠡ ᠯᠡ ᠬᠦᠰᠦᠨᠦᠭᠳᠣ ᠪᠠᠷ ᠨᠡᠪᠲᠡᠷᠡᠭᠦᠯᠬᠦ︾ ᠲᠠᠪᠴᠠᠩ ᠢ ᠳᠡᠯᠭᠡᠷᠡᠭᠦᠯᠦᠨ᠎ᠡ᠃ ᠦᠨᠳᠦᠰᠦᠨ ᠱᠠᠲᠤᠨ ᠤ ᠡᠯ᠎ᠡ ᠲᠥᠷᠥᠯ ᠤᠨ ᠮᠡᠳᠡᠭᠦᠯᠬᠦ ᠬᠦᠰᠦᠨᠦᠭᠲᠦ ᠶᠢ ᠪᠥᠬᠦ ᠲᠠᠯ᠎ᠠ ᠪᠠᠷ ᠡᠮᠬᠢᠯᠡᠵᠦ᠂ ᠥᠨᠳᠥᠷ ᠳᠠᠪᠲᠠᠮᠵᠢᠲᠤ ᠮᠡᠳᠡᠭᠦᠯᠬᠦ ᠬᠦᠰᠦᠨᠦᠭᠲᠦ ᠶᠢ ᠡᠮᠬᠢᠯᠡᠨ ᠨᠡᠶᠢᠯᠡᠭᠦᠯᠵᠦ᠂ ︽ᠨᠢᠭᠡ ᠯᠡ ᠬᠦᠰᠦᠨᠦᠭᠲᠦ ᠪᠠᠷ ᠨᠠᠪᠳᠡᠷᠡᠬᠦᠯᠬᠦ︾ ᠶᠢᠨ ᠰᠢᠰᠲ᠋ᠧᠮ ᠢᠶᠠᠷ ᠳᠠᠮᠵᠢᠭᠤᠯᠤᠨ ᠲᠤᠭ᠎ᠠ ᠪᠠᠷᠢᠮᠲᠠ ᠶᠢ ᠶᠡᠷᠦᠩᠬᠡᠶᠢᠯᠡᠨ ᠴᠤᠭᠯᠠᠭᠤᠯᠬᠤ᠂ ᠨᠢᠭᠡ ᠬᠦᠰᠦᠨᠦᠭᠲᠦ ᠪᠠᠷ ᠨᠡᠶᠢᠳᠡᠮ ᠬᠡᠷᠡᠭᠯᠡᠬᠦ᠂ ᠣᠯᠠᠨ ᠲᠠᠯ᠎ᠠ ᠪᠠᠷ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠢᠩᠭᠢᠪᠡᠯ᠂ ᠦᠨᠳᠦᠰᠦᠨ ᠱᠠᠲᠤᠨ ᠤ ᠠᠵᠢᠯᠲᠠᠳ ᠲᠤᠭ᠎ᠠ ᠪᠠᠷᠢᠮᠲᠠ ᠶᠢ ᠳᠠᠪᠬᠤᠷᠳᠠᠭᠤᠯᠤᠨ ᠲᠠᠭᠯᠠᠨ ᠮᠡᠳᠡᠭᠦᠯᠬᠦ ᠴᠢᠬᠤᠯᠠ ᠦᠭᠡᠢ᠂ ᠳᠠᠷᠤᠭᠠᠰᠤ ᠶᠢ ᠶᠡᠭᠡ ᠪᠠᠷ ᠬᠥᠩᠭᠡᠷᠡᠭᠦᠯᠦᠭᠰᠡᠨ ᠪᠥᠭᠡᠳ ᠪᠠᠰᠠ  ᠤᠯᠠᠨ ᠳᠤ ᠨᠡᠩ  ᠰᠠᠶᠢᠳᠣᠷ ᠦᠢᠯᠡᠴᠢᠯᠡᠵᠦ ᠴᠢᠳᠠᠨ᠎ᠠ᠃    ︵ᠬᠤᠶᠠᠷ︶  ᠮᠠᠳᠡᠭᠡ ᠵᠠᠩᠬᠢ ᠤᠯᠬᠤ ᠨᠢ ᠨᠡᠩ ᠤᠶᠣᠨᠴᠢ ᠪᠣᠯᠣᠨ᠎ᠠ    1. ᠲᠥᠷᠥ ᠶᠢᠨ ᠪᠣᠳᠣᠯᠭ᠎ᠠ ᠶᠢ ᠬᠦᠷᠭᠡᠬᠦ ᠨᠢ ᠨᠠᠩ ᠨᠠᠷᠢᠯᠢᠭ ᠣᠨᠣᠪᠴᠢᠲᠠᠶ ᠪᠤᠯᠤᠨ᠎ᠠ᠃ ᠱᠠᠭᠠᠷᠳᠠᠯᠭ᠎ᠠ ᠶᠣᠰᠣᠭᠠᠷ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠲᠠᠪᠴᠠᠩ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠶ ᠬᠦᠷᠭᠡᠵᠤ᠂ ︽ᠲᠥᠷᠥ ᠶᠢᠨ ᠪᠣᠳᠣᠯᠭ᠎ᠠ ᠪᠠᠷ ᠬᠥᠮᠦᠨ ᠢ ᠡᠷᠢᠬᠦ︾ ᠶᠢ ᠦᠨᠡᠨ ᠬᠦ ᠪᠡᠶᠡᠯᠡᠭᠦᠯᠦᠨ᠎ᠡ᠃    2. ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠨᠠᠩ ᠴᠠᠭ ᠲᠤᠬᠠᠶ ᠳᠤᠨᠢ ᠬᠠᠷᠢᠭᠤᠯᠲᠠ ᠥᠭᠴᠣ ᠴᠢᠳᠡᠨ᠎ᠠ᠃ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠤ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠣᠯ ᠴᠥᠮ ᠵᠠᠰᠠᠭ ᠠᠷᠠᠳ ᠬᠠᠷᠢᠯᠴᠠᠨ ᠬᠥᠳᠡᠯᠦᠯᠴᠡᠬᠦ ᠴᠢᠬᠤᠯᠠ ᠠᠷᠭ᠎ᠠ ᠵᠠᠮ ᠮᠥᠨ᠂ ᠡᠳᠡᠭᠡᠷ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠣᠯᠠᠨ ᠤ ᠪᠠᠴᠢᠮᠳᠡᠵᠣ ᠲᠦᠪᠡᠭᠳᠡᠵᠣ ᠵᠣᠪᠠᠨᠢᠵᠣ ᠬᠦᠰᠠᠵᠣ ᠪᠠᠶᠢᠭ᠎ᠠ ᠠᠰᠠᠭᠤᠳᠡᠯ ᠢ ᠰᠢᠢᠳᠪᠦᠷᠢᠯᠡᠨ᠎ᠡ᠃    ︵ᠭᠤᠷᠪᠠ︶ ᠲᠤᠭ᠎ᠠ ᠪᠠᠷᠢᠮᠲᠠ ᠶᠢᠨ ᠬᠠᠮᠢᠶᠠᠷᠤᠯᠲᠠ ᠨᠡᠩ ᠵᠢᠷᠤᠮᠵᠢᠭᠤᠨ ᠪᠣᠯᠣᠨ᠎ᠠ    1. ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠨ᠎ᠠ᠃ ᠤᠯᠤᠰ ᠤᠨ ᠲᠤᠭ᠎ᠠ ᠪᠠᠷᠢᠮᠲᠠ ᠶᠢ ᠲᠠᠰ ᠲᠠᠪᠬᠤᠷᠭ᠎ᠠ ᠲᠥᠷᠥᠯ ᠬᠤᠪᠢᠶᠠᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠴᠢᠬᠤᠯᠠ ᠲᠤᠭ᠎ᠠ ᠪᠠᠷᠢᠮᠲᠠ‌‍ᠪᠣᠯᠣᠨ ᠭᠤᠣᠯ ᠪᠣᠯᠬᠤ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠎ᠡ᠃ ᠡᠭᠦᠨ ᠤ ᠬᠠᠮᠲᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠ ᠭᠡᠨᠡᠳᠲᠡ ᠶᠢᠨ ᠬᠡᠷᠡᠭ ᠢ ᠪᠠᠴᠢᠮ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃    2. ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠲᠤᠭ᠎ᠠ ᠪᠠᠷᠢᠮᠲᠠ ᠶᠢ ᠵᠠᠰᠠᠬᠤ ᠪᠠᠷᠢᠮᠵᠢᠶ᠎ᠠ ᠶᠢᠨ ᠵᠢᠷᠤᠮᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ᠃ ︽ᠬᠡᠨ ᠴᠤᠭᠯᠠᠭᠤᠯᠤᠭᠰᠠᠨ ᠪᠣᠯ ᠭᠡᠨ ᠬᠠᠷᠢᠭᠤᠴᠠᠬᠤ︾ ᠵᠠᠷᠴᠢᠮ ᠶᠣᠰᠣᠭᠠᠷ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠢᠩᠭᠢᠪᠡᠯ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠡᠯ᠎ᠡ ᠵᠣᠶᠢᠯ ᠤᠨ ᠣᠶᠢᠯᠡᠴᠢᠯᠡᠭᠡ ᠳᠤ ᠨᠠᠩ ᠨᠠᠶᠢᠳᠠᠪᠤᠷᠢᠲᠠᠶ ᠲᠤᠭ᠎ᠠ ᠪᠠᠷᠢᠮᠲᠠ ᠶᠢᠨ ᠳᠡᠮᠵᠢᠯᠭᠡ ᠣᠯᠭᠤᠨ᠎ᠠ᠃    ︵ᠲᠦᠷᠪᠡ︶ ᠰᠠᠭᠤᠷᠢ ᠲᠤᠯᠭᠠᠭᠤᠷᠢᠯᠠᠯ ᠨᠢ ᠨᠡᠩ ᠬᠦᠴᠦᠷᠬᠡᠭ ᠪᠣᠯᠣᠨ᠎ᠠ    1. ᠵᠠᠰᠠᠭ ᠤᠨ ᠶᠠᠪᠤᠳᠠᠯ ᠤᠨ ᠲᠣᠤᠷ ᠰᠦᠯᠵᠢᠶ᠎ᠡ ᠶᠢᠨ ᠬᠠᠮᠤᠷᠬᠤ ᠬᠡᠪᠴᠢᠶ᠎ᠡ ᠨᠠᠩ ᠥᠷᠭᠡᠨ ᠪᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶᠡᠨ ᠤ ᠬᠠᠮᠤᠷᠬᠤ ᠬᠡᠪᠴᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ ᠭᠠᠳᠠᠭᠠᠳᠤ ᠰᠦᠯᠵᠢᠶᠡᠨ ᠤ ᠣᠷᠣᠭᠤᠯᠵᠤ ᠭᠠᠷᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠢᠩᠭᠢᠪᠡᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢᠨ ᠳᠠᠮᠵᠢᠭᠤᠯᠭ᠎ᠠ ᠨᠠᠩ ᠲᠦᠷᠭᠡᠨ᠂ ᠨᠠᠩ ᠲᠣᠭᠲᠠᠭᠤᠨ ᠪᠣᠯᠵᠤ᠂ ᠣᠯᠠᠨ ᠲᠦᠮᠡᠨ ᠳᠤ ᠨᠠᠩ ᠥᠨᠳᠥᠷ ᠦᠷ᠎ᠡ ᠪᠦᠲᠦᠮᠵᠢᠳᠣ ᠦᠢᠯᠡᠴᠢᠯᠡᠭᠡ ᠬᠠᠩᠭᠠᠨ᠎ᠠ᠃    2. ᠠᠮᠤᠷ ᠲᠦᠪᠰᠢᠨ ᠤ ᠬᠠᠮᠠᠭᠠᠯᠠᠯᠲᠠ ᠨᠠᠩ ᠪᠠᠲᠤ ᠪᠠᠬᠢ ᠪᠣᠯᠣᠨ᠎ᠠ᠃ ᠡᠭᠦᠯᠡ ᠲᠠᠪᠴᠠᠩ᠂ ᠲᠣᠣᠷ ᠰᠦᠯᠵᠢᠶ᠎ᠡ ᠂ ᠲᠤᠭ᠎ᠠ ᠪᠠᠷᠢᠮᠳᠡ᠂ ᠬᠡᠷᠡᠭᠯᠡᠭᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠠᠬᠢᠵᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠬᠠᠮᠵᠢᠯᠴᠠᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠭᠦᠯᠡ ᠲᠠᠪᠴᠠᠩ᠂ ᠲᠣᠣᠷ ᠰᠦᠯᠵᠢᠶ᠎ᠡ᠂ ᠲᠤᠭ᠎ᠠ ᠪᠠᠷᠢᠮᠳᠡ᠂ ᠬᠡᠷᠡᠭᠯᠡᠭᠡᠨ ᠤ ᠰᠡᠷᠭᠡᠶᠢᠯᠡᠨ ᠬᠠᠮᠠᠭᠠᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠠᠵᠢᠯᠯᠠᠭᠠᠨ ᠤ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ ᠪᠠᠲᠤᠯᠠᠨ᠎ᠠ᠃    ᠲᠠᠪᠤ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠡᠷᠬᠢᠨ ᠪᠠᠲᠤᠯᠠᠬᠤ ᠪᠣᠢ︖    ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠠᠮ ᠤᠨ ᠬᠤᠷᠢᠶ᠎ᠠ ᠠᠴᠠ ᠨᠢᠭᠡᠳᠦᠯᠲᠡᠢ ᠤᠳᠤᠷᠢᠳᠴᠤ᠂ ᠡᠯ᠎ᠡ ᠰᠠᠯᠠᠭ᠎ᠠ ᠮᠥᠴᠢᠷ ᠴᠥᠮ ᠲᠣᠳᠣᠷᠬᠠᠢ ᠠᠵᠢᠯ ᠤᠨ ᠬᠤᠪᠢᠶᠠᠷᠢᠯᠠᠯ ᠲᠠᠢ ᠪᠠᠶᠢᠵᠤ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ᠂ ᠡᠯ᠎ᠡ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠥᠬᠡᠶ ᠰᠢᠯᠢᠳᠡᠭᠵᠢᠭᠦᠯᠦᠨ᠂ ᠰᠢᠢᠳᠪᠦᠷᠢᠲᠦ ᠪᠣᠳᠣᠯᠭ᠎ᠠ ᠶᠢᠨ ᠦᠢᠯᠡᠳᠦᠯ ᠴᠢᠳᠠᠪᠤᠷᠢ ᠪᠠ ᠬᠠᠮᠵᠢᠯᠴᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    ᠵᠢᠷᠭᠤᠭ᠎ᠠ᠂ ᠲᠥᠰᠦᠯ ᠲᠣᠭᠲᠠᠭᠠᠵᠤ ᠨᠡᠶᠢᠲᠡᠯᠡᠬᠦ ᠶᠠᠪᠤᠴᠠ    ᠷᠠᠰᠢᠶᠠᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠷᠠᠰᠢᠶᠠᠨ ᠬᠤᠲᠠ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ᠰᠠᠨᠠᠯ ᠬᠤᠷᠢᠶᠠᠬᠤ ᠡᠭᠡ ᠪᠢᠴᠢᠭ︶︾ ᠢ ᠨᠠᠶᠢᠷᠠᠭᠤᠯᠤᠨ ᠵᠣᠬᠢᠶᠠᠵᠤ᠂ ᠪᠥᠬᠦ ᠬᠤᠲᠠ ᠶᠢᠨ 23 ᠬᠠᠮᠢᠶ᠎ᠠ ᠪᠥᠬᠦᠶ ᠰᠠᠯᠠᠭ᠎ᠠ ᠮᠥᠴᠢᠷ ᠰᠠᠨᠠᠯ ᠬᠤᠷᠢᠶᠠᠵᠤ᠂ 14 ᠰᠠᠯᠠᠭ᠎ᠠ ᠮᠥᠴᠢᠷ ᠠᠴᠠ 19 ᠵᠤᠷᠪᠤᠰ ᠰᠠᠨᠠᠯ ᠳᠤᠷᠠᠳᠴᠤ᠂ 9 ᠰᠠᠯᠠᠭ᠎ᠠ ᠮᠥᠴᠢᠷ ᠰᠠᠨᠠᠯ ᠥᠬᠡᠶ᠃ ᠡᠯ᠎ᠡ ᠲᠠᠯ᠎ᠠ ᠶᠢᠨ ᠬᠢᠨ ᠤ ᠰᠠᠨᠠᠯ ᠢ ᠶᠡᠷᠦᠩᠬᠡᠶᠢᠯᠡᠨ ᠪᠣᠳᠣᠯᠬᠢᠯᠠᠵᠤ᠂ ᠷᠡᠰᠢᠶᠠᠨ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠷᠠᠰᠢᠶᠠᠨ ᠬᠤᠲᠠ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ 2025 ᠣᠨ ᠤ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠡᠭᠡ ᠪᠢᠴᠢᠭ︶︾ ᠢ ᠪᠣᠶ ᠪᠣᠯᠭᠠᠵᠡᠢ᠃    3 ᠰᠠᠷ᠎ᠠ ᠶᠢᠨ 10 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ 2025 ᠣᠨ ᠤ 2 ᠳ᠋ᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠰᠦᠯ ᠢ ᠵᠠᠷᠴᠢᠮ ᠳᠡᠭᠡᠷ᠎ᠡ ᠪᠠᠨ ᠪᠠᠲᠤᠯᠠᠪᠠ᠃ ᠬᠤᠷᠠᠯ ᠤᠨ ᠳᠠᠷᠠᠭ᠎ᠠ᠂  ᠵᠠᠰᠠᠭ ᠤᠨ ᠣᠷᠳᠣᠨ ᠤ ᠣᠶᠢᠯᠡᠴᠢᠯᠡᠭᠡ ᠪᠠ ᠲᠤᠭ᠎ᠠ ᠪᠠᠷᠢᠮᠳᠡ ᠶᠢᠨ ᠬᠠᠮᠢᠶᠠᠷᠣᠯᠳᠡ ᠶᠢᠨ ᠲᠣᠪᠴᠢᠶ᠎ᠠ ᠱᠠᠭᠠᠷᠳᠠᠯᠭ᠎ᠠ ᠶᠣᠰᠣᠭᠠᠷ ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭᠠᠬᠢ ᠲᠥᠰᠦᠯ ᠤᠨ ᠲᠤᠬᠠᠶ ᠬᠤᠶᠠᠳᠤᠭᠠᠷ ᠡᠭᠡᠯᠵᠢ ᠶᠢᠨ ᠰᠠᠨᠠᠯ ᠬᠤᠷᠢᠶᠠᠵᠤ᠂ 23 ᠬᠤᠯᠪᠣᠭᠳᠠᠯ ᠪᠥᠬᠦᠶ ᠰᠠᠯᠠᠭ᠎ᠠ ᠮᠥᠴᠢᠷ ᠴᠥᠮ ᠰᠠᠨᠠᠯ ᠥᠬᠡᠶ ᠪᠠᠶᠢᠪᠠ᠃    3 ᠰᠠᠷ᠎ᠠ ᠶᠢᠨ 20 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠵᠠᠰᠠᠭ ᠤᠨ ᠣᠷᠳᠣᠨ ᠤ ᠣᠶᠢᠯᠡᠴᠢᠯᠡᠭᠡ ᠪᠠ ᠲᠤᠭ᠎ᠠ ᠪᠠᠷᠢᠮᠳᠡ ᠶᠢᠨ ᠬᠠᠮᠢᠶᠠᠷᠣᠯᠳᠡ ᠶᠢᠨ ᠲᠣᠪᠴᠢᠶ᠎ᠠ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠲᠥᠰᠦᠯ ᠤᠨ ᠲᠣᠭᠤᠷᠢᠨ ᠳᠤ ᠵᠤᠷᠪᠤᠰ ᠳᠠᠷᠠᠭᠠᠯᠠᠨ ᠡᠮᠬᠢᠯᠡᠵᠦ᠂ ᠡᠴᠦᠰ ᠲᠡᠭᠡᠨ 6 ᠭᠠᠵᠠᠷ ᠲᠤ ᠵᠠᠰᠠᠪᠤᠷᠢ ᠣᠷᠣᠭᠤᠯᠬᠤ ᠰᠠᠨᠠᠯ ᠢ ᠲᠣᠷᠡᠳᠪᠠ᠃ ᠬᠤᠷᠠᠯ ᠤᠨ ᠳᠠᠷᠠᠭ᠎ᠠ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠰᠦᠯ ᠤᠨ ᠲᠤᠬᠠᠶ ᠭᠤᠷᠪᠠᠳᠤᠭᠠᠷ ᠡᠭᠡᠯᠵᠢ ᠶᠢᠨ ᠰᠠᠨᠠᠯ ᠬᠤᠷᠢᠶᠠᠵᠤ᠂ ᠨᠡᠶᠢᠲᠡ 1 ᠵᠤᠷᠪᠤᠰ ᠰᠠᠨᠠᠭᠤᠯᠭ᠎ᠠ ᠶᠢ ᠭᠥᠯᠢᠶᠡᠨ ᠠᠪᠴᠤ᠂ ᠪᠤᠰᠤᠳ ᠰᠠᠯᠠᠭ᠎ᠠ ᠮᠥᠴᠢᠷ ᠰᠠᠨᠠᠯ ᠥᠬᠡᠶ᠃ ︽ᠷᠠᠰᠢᠶᠠᠨ ᠬᠤᠲᠠ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ 2025 ᠣᠨ ᠤ ᠬᠡᠷᠡᠭᠵᠢᠭᠦᠯᠬᠦ ᠲᠥᠰᠦᠯ︾ ᠢ ᠪᠣᠶ ᠪᠣᠯᠭᠠᠪᠠ᠃    4 ᠰᠠᠷ᠎ᠠ ᠶᠢᠨ 3 ᠤ ᠡᠳᠦᠷ᠂ ᠲᠥᠰᠦᠯ ᠢ ᠵᠢᠩᠬᠢᠨᠢ ᠪᠠᠷ ᠡᠯ᠎ᠡ ᠪᠠᠯᠭᠠᠰᠤ ᠵᠡᠭᠡᠯᠢ᠂ ᠬᠤᠲᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ ᠳᠠᠷᠤᠮᠠᠯᠯᠠᠨ ᠲᠠᠷᠬᠠᠭᠠᠪᠠ᠃    ᠷᠠᠰᠢᠶᠠᠨ ᠬᠤᠲᠠ ᠶᠢᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠬᠤᠲᠠ ᠶᠢᠨ ᠬᠥᠭᠵᠢᠯᠲᠡ ᠶᠢ ᠠᠬᠢᠭᠤᠯᠬᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠲᠠᠷᠡᠭᠠᠴᠢ ᠪᠠᠷ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠯᠬᠤᠮ ᠠᠯᠬᠤᠮ ᠢᠶᠠᠷ ᠪᠠᠶᠠᠯᠠᠬᠦᠯᠬᠦ ᠶᠢ ᠳᠠᠭᠠᠯᠳᠤᠨ᠂ ᠷᠠᠰᠢᠶᠠᠨ ᠬᠤᠲᠠ ᠨᠠᠩ ᠣᠶᠤᠨᠴᠢ᠂ ᠳᠥᠭᠦᠮ ᠳᠥᠲᠡ᠂ ᠰᠠᠶᠢᠨ ᠰᠠᠶᠢᠬᠠᠨ ᠪᠣᠯᠬᠤ ᠶᠣᠮ ︕    ᠲᠠᠶᠢᠯᠤᠮᠵᠢ ᠬᠢᠬᠦ ᠰᠠᠯᠠᠭ᠎ᠠ ᠮᠥᠴᠢᠷ᠄ ᠷᠠᠰᠢᠶᠠᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ    ᠬᠠᠷᠢᠯᠴᠠᠬᠤ ᠬᠥᠮᠦᠨ᠄ ᠭᠤᠤ ᠸᠧᠶ    ᠠᠰᠠᠭᠤᠨ ᠯᠠᠪᠯᠠᠬᠤ ᠤᠲᠠᠰᠤ᠄ 0482-7185532    ᠲᠠᠶᠢᠯᠤᠮᠵᠢ ᠬᠢᠭᠰᠡᠨ ᠴᠠᠭ᠄ 2025 ᠣᠨ ᠤ 4 ᠰᠠᠷ᠎ᠠ ᠶᠢᠨ 3 ᠤ ᠡᠳᠦᠷ   
 
ᠢᠷᠡᠯᠲᠡ᠄ ᠷᠡᠰᠢᠶᠠᠨ ᠬᠤᠳᠡ ᠶᠢᠨ ᠠᠷᠡᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号