ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠬᠡᠷᠡᠯ ᠵᠢᠷᠤᠭ ᠢᠶᠠᠷ ᠵᠣᠯ ᠵᠢᠷᠭᠠᠯᠲᠤ ᠠᠮᠢᠳᠤᠷᠠᠯ ᠢ ᠭᠡᠷᠡᠴᠢᠯᠡᠪᠡ
ᠨᠡᠶᠢᠲᠡᠯᠡᠭᠰᠡᠨ ᠴᠠᠭ᠄
2025/4/24
     ᠣᠶᠢᠷ᠎ᠠ ᠶᠢᠨ ᠵᠢᠯ ᠠᠴᠠ ᠨᠠᠭᠠᠰᠢ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠠᠷᠢᠯᠴᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠵᠡᠷᠭᠡ ᠰᠢᠷᠢᠰ ᠠᠵᠢᠯᠯᠠᠭ᠎ᠠ ᠪᠠᠷ ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠠᠮᠢᠳᠤᠷᠠᠯ ᠤᠨ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠴᠠᠭ ᠦᠶ᠎ᠡ ᠶᠢᠨ ᠬᠥᠭᠵᠢᠯᠲᠡ ᠠᠴᠠ ᠵᠣᠯ ᠵᠢᠷᠭᠠᠯ ᠢ ᠡᠳ᠋ᠯᠡᠪᠡ᠃ ᠬᠠᠷᠢᠶ᠎ᠠ ᠣᠷᠣᠨ ᠤ ᠰᠠᠭᠤᠭᠠᠯᠢ ᠠᠷᠠᠳ ᠢ ᠤᠯᠠᠮ ᠨᠢᠭᠡ ᠠᠯᠬᠤᠮ ᠲᠠᠶᠢᠴᠢᠯᠡᠨ᠂ ︽ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ︾ ᠡᠷᠡᠰ ᠵᠣᠷᠢᠭ ᠢ ᠪᠠᠲᠤᠳᠬᠠᠬᠤ ᠶᠢᠨ ᠲᠥᠯᠥᠭᠡ᠂ ᠷᠡᠰᠢᠶᠠᠨ ᠬᠤᠳᠡ  ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠬᠠᠷᠢᠶ᠎ᠠ ᠣᠷᠣᠨ ᠤ ᠨᠠᠮ ᠤᠨ ᠪᠠᠶᠢᠭᠤᠯᠤᠯᠲᠠ ᠶᠢᠨ ᠣᠷᠳᠣ ᠬᠤᠩᠭᠢᠯ ᠳᠤ ︽ᠠᠴᠢ ᠬᠠᠷᠢᠭᠤᠯᠠᠬᠤ ᠬᠡᠷᠡᠮ︾ ᠢ  ᠪᠠᠶᠢᠭᠤᠯᠪᠡ᠃    ︽ᠠᠴᠢ ᠬᠠᠷᠢᠭᠤᠯᠠᠬᠤ ᠬᠡᠷᠡᠮ︾ ᠨᠢ ᠰᠢᠨ᠎ᠡ ᠬᠠᠭᠤᠴᠢᠨ ᠬᠡᠷᠡᠯ ᠵᠢᠷᠤᠭ ᠢ ᠬᠠᠷᠢᠴᠠᠭᠤᠯᠬᠤ ᠬᠡᠯᠪᠡᠷᠢ ᠶᠢ ᠬᠡᠷᠡᠭᠯᠡᠵᠦ᠂ ᠨᠡᠶᠢᠭᠡᠮ ᠲᠣᠭᠤᠷᠢᠭ ᠤᠨ ᠬᠥᠭᠵᠢᠯᠲᠡ ᠶᠢᠨ ᠶᠠᠪᠤᠴᠠ ᠳᠠᠬᠢ ᠯᠤᠲᠤ ᠶᠡᠭᠡ ᠬᠤᠪᠢᠷᠠᠯᠲᠠ ᠶᠢ ᠠᠮᠢᠳᠤᠯᠢᠭ ᠢᠶᠠᠷ ᠢᠯᠡᠷᠡᠭᠦᠯᠪᠡ᠃ ᠣᠷᠣᠨ ᠰᠠᠭᠤᠴᠠ ᠶᠢᠨ ᠨᠥᠬᠦᠴᠡᠯ ᠠᠴᠠ ᠰᠠᠭᠤᠷᠢ ᠲᠥᠬᠦᠭᠡᠷᠦᠮᠵᠢ ᠬᠦᠷᠲᠡᠯ᠎ᠡ᠂ ᠡᠮᠴᠢᠯᠡᠭᠡᠨ ᠤ ᠡᠬᠢ ᠪᠠᠶᠠᠯᠢᠭ ᠠᠴᠠ ᠰᠤᠷᠭᠠᠨ ᠬᠥᠮᠦᠵᠢᠯ ᠤᠨ ᠣᠷᠴᠢᠨ ᠲᠣᠭᠤᠷᠢᠨ ᠬᠦᠷᠲᠡᠯ᠎ᠡ᠂ ᠰᠢᠨ᠎ᠡ ᠰᠣᠷᠭᠤᠭ ᠵᠢᠷᠤᠭ ᠳᠦᠷᠰᠦ ᠨᠢ ᠴᠠᠭ ᠦᠶ᠎ᠡ ᠶᠢᠨ ᠳᠠᠪᠰᠢᠯᠲᠠ ᠶᠢᠨ ᠵᠠᠮ ᠮᠥᠷ ᠢ ᠲᠡᠮᠳᠡᠭᠯᠡᠵᠡᠢ᠃ ᠡᠶᠢᠮᠦᠷᠬᠦ ᠰᠢᠭᠤᠳ ᠳᠡᠯᠭᠡᠨ ᠦᠵᠡᠭᠦᠯᠬᠦ ᠠᠷᠭ᠎ᠠ ᠮᠠᠶ᠋ᠢᠭ ᠨᠢ ᠰᠠᠭᠤᠭᠠᠯᠢ ᠠᠷᠠᠳ ᠲᠤ ᠵᠣᠯ ᠵᠢᠷᠭᠠᠯᠲᠤ ᠠᠮᠢᠳᠤᠷᠠᠯ ᠤᠨ ᠬᠢᠯᠪᠠᠷ ᠪᠤᠰᠤ ᠪᠠᠷ ᠢᠷᠡᠭᠰᠡᠨ ᠭᠡᠳᠡᠭ ᠢ ᠭᠦᠨᠵᠡᠭᠡᠶ ᠲᠠᠨᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠠᠮ ᠤᠨ ᠠᠴᠢ ᠳᠤ ᠲᠠᠯᠠᠷᠬᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃    ᠳᠠᠷᠠᠭᠠᠴᠢ ᠶᠢᠨ ᠠᠯᠬᠤᠮ ᠳᠤ᠂ ᠨᠦᠮᠦᠷᠭᠡᠨ ᠨᠡᠶᠢᠭᠡᠮ ᠲᠣᠭᠤᠷᠢᠭ ᠤᠨ ᠬᠢᠨ ︽ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠡᠳᠬᠢᠴᠡ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠨᠠᠮ ᠤᠨ ᠲᠦᠷᠦ ᠶᠢᠨ ᠪᠤᠳᠤᠯᠭ᠎ᠠ ᠶᠢᠨ ᠤᠨᠤᠯ ᠢ ᠤᠯᠠᠨ ᠲᠦᠮᠡᠨ ᠤ ᠠᠮᠢᠳᠤᠷᠠᠯ ᠲᠠᠢ ᠨᠡᠩ ᠤᠢᠢᠷᠠᠳᠤᠭᠤᠯᠵᠤ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠪᠠᠶᠢᠭᠤᠯᠵᠤ᠂ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号