ᠣᠶᠢᠷ᠎ᠠ ᠶᠢᠨ ᠵᠢᠯ ᠳᠤ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠤᠭ᠎ᠠ ︽ᠭᠡᠷ ᠪᠦᠯᠢ ᠪᠤᠯᠭᠠᠨ | ᠠᠮᠤᠷ ᠵᠢᠷᠭᠠᠯᠳᠠᠢ ᠪᠠᠶᠢᠬᠤ ᠲᠦᠷᠦᠯ ᠵᠦᠢᠯ︾ ᠢᠶᠠᠷ ᠭᠤᠣᠯ ᠱᠤᠭᠤᠮ ᠪᠣᠯᠭᠠᠨ᠂ ᠭᠡᠷ ᠪᠦᠯᠢ ᠶᠢᠨ ᠠᠵᠢᠯ ᠢ ᠪᠦᠬᠦ | ᠲᠠᠯ᠎ᠠ ᠪᠠᠷ᠂ ᠣᠯᠠᠨ ᠲᠠᠯ᠎ᠠ ᠪᠠᠷ ᠲᠦᠯᠬᠢᠨ ᠠᠬᠢᠭᠤᠯᠤᠬᠰᠠᠨ ᠪᠠᠶᠢᠨ᠎ᠠ᠃ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ | ᠦᠭᠡᠢ ᠲᠡᠭᠦᠯᠳᠡᠷᠵᠢᠭᠦᠯᠬᠦ᠂ ᠠᠵᠢᠯ ᠤᠨ ᠠᠴᠢᠶᠠᠯᠠᠪᠤᠷᠢ ᠶᠢ ᠢᠳᠡᠪᠬᠢᠲᠡᠶ ᠪᠠᠷ ᠰᠢᠨ᠎ᠡ ᠶᠢ ᠡᠭᠦᠳᠬᠦ᠂ ᠨᠠᠷᠠᠲᠤ | ᠲᠡᠮᠳᠡᠭ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ ᠬᠡᠷ ᠪᠦᠯᠢ ᠶᠢᠨ ᠠᠵᠢᠯ ᠢ | ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠮᠵᠢᠯᠲᠠ ᠲᠠᠢ | ᠠᠭᠤᠰᠤᠯᠴᠠᠭᠤᠯᠵᠤ᠂ ᠥᠪᠡᠷᠮᠢᠴᠡ ᠣᠨᠴᠠᠯᠢᠭ ᠲᠠᠢ ︽ᠬᠡᠷ ᠤᠨ ᠪᠦᠯᠢ ᠶᠢᠨ ᠵᠠᠰᠠᠯᠲᠠ ᠪᠠᠷ ᠣᠷᠣᠨ ᠪᠦᠰᠡ ᠶᠢᠨ | ᠵᠠᠰᠠᠯᠳᠠ ᠶᠢ ᠠᠬᠢᠭᠤᠯᠬᠤ᠂ ᠡᠶ᠎ᠡ ᠨᠠᠶᠢᠷᠠᠮᠳᠠᠯ ᠢᠶᠠᠷ ᠬᠥᠭᠵᠢᠯᠲᠡ ᠶᠢ ᠠᠬᠢᠭᠤᠯᠬᠤ︾ ᠬᠥᠭᠵᠢᠯᠲᠡ ᠶᠢᠨ ᠵᠠᠮ ᠢ | ᠨᠡᠭᠡᠭᠡᠵᠦ᠂ ᠠᠮᠤᠷ ᠠᠮᠤᠭᠤᠯᠠᠩ ᠬᠢᠩᠭᠠᠨ᠂ ᠬᠠᠤᠯᠢᠵᠢᠯ ᠬᠢᠩᠭᠠᠨ᠂ ᠪᠣᠯᠪᠠᠰᠤᠨ ᠬᠢᠩᠭᠠᠨ ᠤ ᠪᠥᠲᠥᠭᠡᠨ | ᠪᠠᠶᠢᠭᠤᠯᠤᠯᠲᠠ ᠳᠤ ᠲᠠᠰᠤᠷᠠᠯᠲᠠ ᠥᠬᠡᠶ ᠠᠮᠢᠵᠢᠷᠠᠯ ᠤᠨ ᠬᠦᠴᠦᠨ ᠨᠡᠮᠡᠷᠢᠯᠡᠪᠡ᠃ | ᠣᠷᠤᠭ ᠬᠤᠷᠢᠮ ᠭᠡᠷ ᠪᠦᠯᠢ ᠶᠢᠨ ᠦᠢᠯᠡᠴᠢᠯᠡᠭᠡᠨ ᠤ ᠲᠣᠣᠷ ᠢ ᠨᠢᠭᠲᠠ ᠰᠦᠯᠵᠢᠵᠦ᠂ ᠨᠡᠶᠢᠭᠡᠮ ᠤᠨ ᠡᠶ᠎ᠡ | ᠵᠣᠬᠢᠴᠠᠯ ᠤᠨ ᠰᠠᠭᠤᠷᠢ ᠶᠢ ᠪᠠᠲᠤᠳᠬᠠᠪᠠ᠃ ᠤᠷᠴᠢᠮᠬᠠᠨ᠂ ᠤᠯᠠᠭᠠᠨᠬᠤᠲᠠ ᠶᠢᠨ ᠱᠧᠩᠯᠢ ᠵᠡᠭᠡᠯᠢ ᠶᠢᠨ ᠦᠷᠳᠡᠭᠡᠨ | ᠡᠮᠦᠨᠡᠬᠢ ᠨᠡᠶᠢᠭᠡᠮ ᠲᠣᠭᠤᠷᠢᠭ ᠤᠨ ︽ᠠᠮᠤᠷ ᠠᠮᠤᠭᠤᠯᠠᠩ ᠡᠵᠢ︾ ᠶᠢᠨ ᠦᠢᠯᠡᠴᠢᠯᠡᠭᠡᠨ ᠤ ᠠᠩᠬᠢ ᠶᠢᠨ ᠬᠢᠨ ᠵᠡᠭᠡᠯᠢ | ᠭᠤᠳᠤᠮᠵᠢ ᠪᠠᠷ ᠬᠦᠨᠵᠡᠭᠡᠶᠢᠷᠡᠨ᠂ ᠬᠠᠷᠢᠶᠠᠳᠦ ᠤᠷᠤᠨ ᠤ ᠠᠮᠤᠷ ᠳᠤᠬᠳᠠᠭᠤᠨ ᠢ ᠪᠠᠳᠤᠯᠠᠵᠦ ᠶᠠᠪᠤᠵᠦ ᠪᠠᠶᠢᠯ᠎ᠠ᠃ | ᠡᠨᠡᠬᠦ ᠦᠢᠯᠡᠴᠢᠯᠡᠭᠡᠨ ᠤ ᠠᠩᠬᠢ ᠨᠢ 10 ᠭᠠᠷᠤᠢ ᠨᠡᠷᠡᠰ ᠡᠮᠡᠭᠳᠠᠢ ᠰᠠᠶᠢᠨ ᠳᠤᠷᠠᠴᠤᠤᠯ ᠢᠶᠠᠷ ᠪᠦᠷᠢᠯᠳᠤᠵᠦ᠂ ᠡᠳᠦᠷ | ᠳᠤᠳᠤᠮ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠪᠠᠷ ᠬᠦᠨᠵᠡᠬᠡᠶᠢᠷᠡᠵᠦ᠂ ᠵᠥᠷᠢᠴᠡᠯ ᠵᠢᠭᠤᠷᠠᠯᠳᠤᠭᠠᠨ ᠢ | ᠠᠷᠢᠯᠭᠠᠬᠤ ︽ᠡᠶᠡᠳᠡᠭᠦᠯᠦᠭᠴᠢ︾᠂ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠤᠯᠠᠮᠵᠢᠯᠠᠬᠤ ︽ | ᠤᠬᠠᠭᠤᠯᠤᠭᠴᠢ︾ ᠪᠤᠯᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠣᠶᠢᠯᠠᠭᠠᠬᠤ ︽ᠮᠡᠳᠡᠭᠡ ᠵᠠᠩᠭᠢᠴᠢ︾ ᠪᠤᠯᠤᠬᠰᠠᠨ ᠪᠠᠶᠢᠨ᠎ᠠ᠃ ︽ᠪᠢᠳᠡ ᠰᠠᠷ᠎ᠠ ᠪᠦᠷᠢ ᠨᠢᠭᠡᠨ ᠤᠳᠠᠭᠠᠨ ᠤ ᠬᠡᠷ | ᠪᠦᠯᠢ ᠶᠢᠨ ᠰᠤᠷᠪᠤᠯᠵᠢᠯᠠᠭ᠎ᠠ ᠶᠢᠨ ᠠᠵᠢᠯᠯᠠᠭ᠎ᠠ ᠥᠷᠨᠢᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ | ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠦᠶ᠎ᠠ ᠳᠤᠨᠢ ᠠᠷᠢᠯᠭᠠᠵᠦ ᠪᠤᠢ︾ ᠭᠡᠵᠦ ᠱᠧᠩᠯᠢ ᠵᠡᠭᠡᠯᠢ ᠶᠢᠨ | ᠦᠷᠳᠡᠭᠡᠨ ᠡᠮᠦᠨᠡᠬᠢ ᠨᠡᠶᠢᠭᠡᠮ ᠲᠣᠭᠤᠷᠢᠭ ᠤᠨ ︽ᠠᠮᠤᠷ ᠠᠮᠤᠭᠤᠯᠠᠩ ᠡᠵᠢ︾ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠭᠢ ᠶᠢᠨ ᠭᠡᠰᠢᠭᠦᠨ ᠴᠧᠨ ᠬᠤᠢ ᠮᠢᠨ ᠶᠠᠷᠢᠵᠦ ᠪᠠᠶᠢᠯ᠎ᠠ᠃ | ᠣᠳᠣᠬᠠᠨ ᠳᠤ᠂ ᠬᠢᠨᠭ᠍ᠭᠠᠨ ᠠᠶᠢᠮᠠᠭ ᠲᠤ ᠨᠢᠭᠡᠨᠲᠡ ᠠᠶᠢᠮᠠᠭ᠂ ᠬᠤᠰᠢᠭᠤ᠂ ᠰᠤᠮᠤ ᠰᠢᠶᠠᠩ ᠪᠠᠯᠭᠠᠰᠤ | ᠭᠤᠷᠪᠠᠨ ᠱᠠᠲᠤᠨ ᠤ ᠤᠷᠤᠭ ᠬᠤᠷᠢᠮ ᠤᠨ ᠡᠶᠡᠳᠡᠬᠦᠯᠬᠦ ᠪᠠᠶᠢᠭᠤᠯᠤᠮᠵᠢ ᠶᠢᠨ ᠰᠦᠯᠵᠢᠶ᠎ᠠ ᠪᠠᠶᠢᠭᠤᠯᠤᠬᠳᠠᠵᠤ᠂ ︽ | ᠠᠮᠤᠷ ᠠᠮᠤᠭᠤᠯᠠᠩ ᠡᠵᠢ︾ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ 70 ᠭᠠᠷᠤᠢ ᠪᠤᠯᠵᠦ ᠨᠡᠮᠡᠭᠳᠡᠭᠰᠡᠨ | ᠪᠦᠬᠡᠳ ᠪᠠᠢ ᠬᠤᠸᠡ ᠡᠮᠡᠭᠲᠡᠶ ᠬᠠᠤᠯᠢᠴᠢ ᠶᠢᠨ ᠦᠢᠯᠡᠴᠢᠯᠡᠭᠡᠨ ᠤ ᠠᠩᠭᠢ ᠲᠠᠢ ᠨᠢᠭᠲᠠ ᠬᠤᠯᠪᠣᠭᠠᠯᠠᠨ ᠬᠥᠳᠡᠯᠦᠯᠴᠡᠬᠦ | ᠲᠣᠭᠲᠠᠴᠠ ᠶᠢ ᠪᠣᠶ ᠪᠣᠯᠭᠠᠭᠰᠠᠨ ᠪᠠᠶᠢᠨ᠎ᠠ᠃ ᠳᠡᠳᠡ ︽ᠤᠷᠠᠨ ᠰᠠᠶᠢᠬᠠᠨ ᠤ ᠲᠣᠭᠯᠠᠯᠲᠠ + ᠬᠠᠤᠯᠢ ᠴᠠᠭᠠᠵᠠ ᠶᠢᠨ | ᠯᠠᠪᠯᠠᠭ᠎ᠠ + ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠵᠡᠷᠭᠡ ᠡᠯᠪᠡᠭ ᠪᠠᠶᠠᠯᠢᠬ ︽6+ N︾ ᠬᠠᠤᠯᠢ | ᠲᠦᠭᠡᠮᠡᠯᠵᠢᠭᠦᠯᠬᠦ ᠵᠠᠭᠪᠤᠷ ᠢᠶᠠᠷ ᠳᠠᠮᠵᠢᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢ ᠪᠥᠬᠦ ᠠᠶᠢᠮᠠᠭ ᠤᠨ 850 | ᠭᠠᠴᠠᠭ᠎ᠠ ᠲᠣᠰᠬᠤᠨ ᠳᠤ ᠬᠦᠷᠭᠡᠪᠡ᠃ ᠣᠳᠣᠬᠠᠨ ᠪᠣᠯᠳᠠᠯ᠎ᠠ᠂ ᠣᠬᠠᠭᠤᠯᠭ᠎ᠠ ᠶᠢᠨ ᠠᠵᠢᠯᠯᠠᠭ᠎ᠠ ᠶᠢ ᠨᠡᠶᠢᠳᠡ 2171 | ᠤᠳᠠᠭ᠎ᠠ ᠦᠷᠨᠢᠬᠦᠯᠵᠣ᠂ ᠵᠦᠷᠢᠴᠠᠯ ᠵᠢᠭᠤᠷᠠᠯᠳᠣᠭᠠᠨ ᠢ 1823 ᠬᠤᠪᠢ ᠠᠮᠵᠢᠯᠳᠠᠳᠠᠢ ᠡᠶᠡᠳᠡᠬᠦᠯᠵᠠᠢ᠂ ᠡᠬᠦᠨ ᠳᠤ | ᠤᠷᠤᠭ ᠬᠤᠷᠢᠮ ᠤᠨ ᠵᠦᠷᠢᠴᠡᠯ ᠵᠢᠭᠤᠷᠠᠯᠳᠣᠭᠠᠨ ᠢ 812 ᠬᠤᠪᠢ ᠰᠢᠢᠳᠪᠦᠷᠢᠯᠡᠪᠡ᠃ | ᠭᠡᠷ ᠪᠦᠯᠢ ᠶᠢᠨ ᠰᠤᠷᠭᠠᠨ ᠬᠦᠮᠦᠵᠢᠯ ᠢ ᠴᠢᠬᠤᠯᠠᠴᠢᠯᠠᠵᠦ᠂ ᠰᠤᠷᠤᠬᠴᠢ ᠶᠢᠨ ᠦᠰᠤᠨ ᠪᠤᠶᠢᠵᠢᠯᠳᠠ ᠳᠤ | ᠠᠩᠬᠠᠷᠤᠯ ᠢᠶᠠᠨ ᠳᠠᠯᠪᠢᠪᠠ᠃ ᠭᠡᠷ ᠪᠦᠯᠢ ᠪᠣᠯ ᠭᠡᠤᠭᠡᠳ ᠤᠨ ᠠᠩᠬᠠᠨ ᠤ ᠰᠤᠷᠭᠠᠭᠤᠯᠢ᠂ ᠭᠡᠷ ᠤᠨ ᠠᠬᠠᠮᠠᠳ ᠪᠣᠯ | ᠬᠡᠤᠬᠡᠳ ᠤᠨ ᠠᠩᠬᠠᠨ ᠤ ᠪᠠᠭᠰᠢ ᠪᠣᠯᠬᠤ ᠶᠤᠮ᠃ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠭᠰᠡᠨ ᠠᠴᠠ ᠨᠠᠭᠠᠰᠢ | ᠂ ᠤᠯᠠᠭᠠᠨᠬᠤᠲᠠ ᠶᠢᠨ ᠾᠧ ᠫᠢᠩ ᠭᠤᠷᠪᠠᠳᠤᠭᠠᠷ ᠪᠠᠭ᠎ᠠ ᠰᠤᠷᠭᠠᠭᠤᠯᠢ ᠶᠢᠨ ︽ᠭᠠᠷᠠᠭ ᠤᠨ ᠰᠡᠭᠦᠯᠴᠢ ᠶᠢᠨ ᠭᠡᠷ ᠤᠨ | ᠠᠬᠠᠮᠠᠳ ᠤᠨ ᠬᠢᠴᠢᠶᠡᠯ ᠤᠨ ᠲᠠᠩᠬᠢᠮ︾ ᠨᠢ ᠭᠠᠷᠠᠬ ᠪᠤᠯᠭᠠᠨ ᠤ ᠰᠡᠬᠦᠯᠴᠢ ᠪᠠᠷ ᠢᠳᠡ ᠬᠦᠭ ᠲᠠᠢ ᠶᠠᠪᠤᠬᠳᠠᠵᠦ | ᠪᠠᠶᠢᠯ᠎ᠠ᠃ ︽ᠭᠡᠤᠭᠡᠳ ᠢ ᠬᠦᠮᠦᠵᠢᠬᠦᠯᠬᠦ ᠳᠤ ᠰᠤᠷᠭᠠᠭᠤᠯᠢ ᠭᠡᠷ ᠪᠦᠯᠢ ᠬᠠᠮᠵᠢᠯᠴᠠᠨ᠂ ᠰᠢᠨᠵᠢᠯᠡᠬᠦ ᠤᠬᠠᠭᠠᠨᠴᠢ ᠪᠠᠷ | ᠬᠦᠮᠦᠵᠢᠬᠦᠯᠬᠦ ᠭᠡᠷᠡᠭᠳᠠᠢ ᠶᠤᠮ︾ ᠭᠡᠵᠦ ᠭᠡᠷ ᠤᠨ ᠠᠬᠠᠮᠠᠳ ᠸᠠᠩ ᠹᠠᠩ ᠶᠠᠷᠢᠯ᠎ᠠ᠃ ᠬᠢᠩᠭᠠᠨ ᠠᠶᠢᠮᠠᠭ ᠤᠨ | ᠡᠮᠡᠭᠲᠡᠶᠢᠴᠦᠳ ᠤᠨ ᠬᠤᠯᠪᠣᠭ᠎ᠠ ᠶᠢᠨ ᠨᠡᠭᠡᠭᠡᠭᠰᠡᠨ ︽ᠭᠠᠷᠠᠭ ᠤᠨ ᠰᠡᠭᠦᠯᠴᠢ ᠶᠢᠨ ᠭᠡᠷ ᠤᠨ ᠠᠬᠠᠮᠠᠳ ᠤᠨ | ᠬᠢᠴᠢᠶᠡᠯ ᠤᠨ ᠲᠠᠩᠬᠢᠮ︾ ᠨᠢ ᠨᠢᠭᠡᠨᠳᠡ ᠨᠡᠶᠢᠲᠡ 20 ᠬᠤᠭᠤᠴᠠᠭ᠎ᠠ ᠶᠠᠪᠤᠬᠳᠠᠵᠦ᠂ ᠮᠢᠩᠭ᠎ᠠ ᠰᠢᠬᠠᠮ ᠬᠡᠷ ᠪᠦᠯᠢ ᠳᠤ | ᠠᠰᠢᠭ ᠬᠦᠷᠲᠡᠭᠡᠭᠰᠡᠨ ᠪᠠᠶᠢᠨ᠎ᠠ᠃ | ︽ᠬᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠢᠢ ᠲᠤᠬᠠᠶ ᠶᠢᠨ ᠭᠠᠵᠠᠷ ᠲᠤ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢᠨ ᠲᠥᠯᠥᠭᠡ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ | ᠬᠤᠯᠪᠣᠭ᠎ᠠ ᠠᠴᠠ ︽ᠪᠠᠭᠪᠠᠭᠠᠶ ᠴᠡᠴᠡᠭ︾ ᠤᠨ ᠡᠷᠬᠡ ᠶᠢ ᠬᠠᠮᠠᠭᠠᠯᠠᠬᠤ ᠪᠠ ︽ᠹᠧᠩ ᠰᠢᠨ ᠽᠢ︾ ᠬᠡᠷ ᠪᠦᠯᠢ ᠶᠢᠨ | ᠬᠥᠮᠦᠵᠢᠯ ᠢ ᠳᠡᠮᠵᠢᠬᠦ ᠲᠥᠷᠥᠯ ᠵᠦᠢᠯ ᠢ ᠶᠡᠬᠡᠪᠡᠷ ᠬᠡᠷᠡᠭᠵᠢᠭᠦᠯᠵᠦ᠂ ᠡᠯ᠎ᠡ ᠲᠥᠷᠥᠯ ᠤᠨ ᠠᠵᠢᠯᠯᠠᠭ᠎ᠠ ᠶᠢ 400 | ᠭᠠᠷᠤᠶ ᠲᠠᠯᠠᠪᠠᠶ ᠥᠷᠨᠢᠭᠦᠯᠵᠦ᠂ 4.13 ᠲᠦᠮᠡᠨ ᠬᠥᠮᠦᠨ ᠳᠤ ᠬᠦᠮᠦᠵᠢᠯ ᠬᠦᠷᠳᠡᠭᠡᠪᠡ᠃ ᠪᠠᠰᠠ ︽ᠬᠤᠤᠰ ᠠᠷᠪᠠ | ᠬᠤᠤᠰ ᠵᠠᠭᠤ︾ ᠶᠢᠨ ᠲᠦᠷᠦᠯ ᠵᠦᠢᠯ ᠢ ᠭᠡᠷᠡᠭᠵᠢᠬᠦᠯᠵᠤ᠂ ᠠᠷᠪᠠᠨ ︽ᠭᠡᠷ ᠪᠦᠯᠢ ᠶᠢᠨ ᠰᠤᠷᠭᠠᠨ ᠬᠥᠮᠦᠵᠢᠯ ᠤᠨ | ᠵᠢᠯᠣᠭᠤᠳᠬᠤ ᠲᠥᠪ︾ ᠢ ᠪᠠᠶᠢᠭᠤᠯᠤᠨ᠂ ᠠᠷᠪᠠᠨ ᠰᠢᠯᠢᠳᠡᠭ ︽ᠭᠡᠷ ᠪᠦᠯᠢ ᠶᠢᠨ ᠰᠤᠷᠭᠠᠨ ᠬᠥᠮᠦᠵᠢᠯ ᠤᠨ | ᠵᠢᠯᠣᠭᠤᠳᠣᠭᠴᠢ︾ ᠳᠤ ᠢᠷᠡᠭᠤ ᠠᠯᠳᠠᠷ ᠤᠯᠭᠤᠵᠦ᠂ ᠵᠠᠭᠤᠨ ᠲᠠᠯᠠᠪᠤᠷ ︽ᠭᠡᠷ ᠤᠨ ᠰᠤᠷᠲᠠᠯ ᠭᠡᠷ ᠤᠨ | ᠬᠥᠮᠦᠵᠢᠯ ᠤᠨ ᠲᠠᠶᠢᠯᠤᠮᠵᠢ︾ ᠶᠢ ᠥᠷᠭᠡᠨ ᠢᠶᠠᠷ ᠡᠷᠬᠢᠯᠡᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ︽ | ᠭᠡᠷ ᠤᠨ ᠠᠬᠠᠮᠠᠳ ᠤᠨ ᠰᠤᠷᠭᠠᠭᠤᠯᠢ︾ ᠶᠢ ᠭᠠᠷᠭᠠᠵᠦ᠂ ᠲᠤᠰᠬᠠᠶᠢᠵᠢᠭᠰᠠᠨ᠂ ᠪᠠᠶᠢᠡᠭᠭᠤᠵᠢᠭᠰᠠᠨ᠂ ᠵᠢᠷᠤᠮᠵᠢᠭᠰᠠᠨ | ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠬᠤ ᠦᠢᠯᠡᠴᠢᠯᠡᠭᠡᠨ ᠤ ᠰᠢᠰᠲ᠋ᠧᠮ ᠢ ᠠᠮᠵᠢᠯᠲᠠ ᠲᠠᠢ | ᠪᠦᠷᠢᠯᠳᠦᠬᠦᠯᠪᠡ᠃ ᠡᠭᠦᠨ ᠠᠴᠠ ᠭᠠᠳᠠᠨ᠎ᠠ᠂ ᠠᠶᠢᠮᠠᠭ ᠤᠨ ᠡᠮᠡᠭᠲᠡᠶᠢᠴᠦᠳ ᠤᠨ ᠬᠤᠯᠪᠤᠭ᠎ᠠ ᠠᠴᠠ ︽ᠬᠢᠩᠭᠠᠨ ᠤ | ᠡᠮᠡᠭᠲᠡᠶᠢᠴᠦᠳ︾ ᠣᠯᠠᠨ ᠨᠡᠶᠢᠲᠡ ᠶᠢᠨ ᠳ᠋ᠤᠭᠠᠷ ᠲᠤ ᠲᠤᠰᠬᠠᠶᠢᠯᠠᠨ ︽ᠬᠡᠷ ᠪᠦᠯᠢ ᠶᠢᠨ ᠰᠤᠷᠳᠠᠯ ᠰᠤᠷᠭᠠᠯ︾ ᠤᠨ | ᠲᠤᠰᠬᠠᠶ ᠪᠤᠯᠤᠩ ᠭᠠᠷᠭᠠᠵᠤ᠂ ᠬᠠᠮᠢᠶ᠎ᠠ ᠪᠦᠬᠦᠢ ᠭᠡᠷ ᠪᠦᠯᠢ ᠶᠢᠨ ᠰᠤᠷᠭᠠᠨ ᠬᠦᠮᠦᠵᠢᠯ ᠤᠨ ᠮᠡᠳᠡᠭᠡ ᠵᠠᠩᠬᠢ᠂ | ᠰᠢᠯᠢᠳᠡᠭ ᠳᠤᠷᠰᠢᠯᠭ᠎ᠠ ᠶᠢ ᠨᠠᠷᠢᠯᠢᠬ ᠲᠦᠰᠦᠪᠯᠡᠨ ᠨᠠᠶᠢᠳᠡᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠤᠬᠠᠭᠤᠯᠭ᠎ᠠ ᠬᠦᠮᠦᠵᠢᠯ ᠢ ᠵᠡᠷᠭᠡᠪᠡᠷ ᠠᠳᠬᠤᠵᠦ᠂ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ | ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠦᠷᠢᠯᠳᠦᠭᠦᠯᠵᠦ᠂ ᠬᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠬᠤ | ᠦᠢᠯᠡᠴᠢᠯᠡᠭᠡ ᠶᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠪᠡᠶᠡᠯᠡᠭᠦᠯᠪᠡ᠃ | ᠭᠡᠷ ᠪᠦᠯᠢ ᠶᠢᠨ ᠪᠣᠯᠪᠠᠰᠤᠨ ᠤ ᠰᠢᠨ᠎ᠠ ᠭᠡᠪ ᠰᠤᠷᠳᠠᠯ ᠢ ᠪᠤᠶᠢᠵᠢᠭᠤᠯᠵᠤ᠂ ᠨᠡᠶᠢᠭᠡᠮ ᠤᠨ ᠵᠠᠰᠠᠯᠲᠠ ᠳᠤ | ᠬᠦᠴᠦᠨ ᠨᠡᠮᠡᠷᠢᠯᠡᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠭᠡᠰᠢᠬᠦᠨ ᠣᠯᠠᠨ | ᠲᠦᠮᠡᠨ ᠳᠤ ᠦᠢᠯᠡᠴᠢᠯᠡᠬᠦ ᠲᠥᠪ ᠤᠨ ᠮᠠᠨᠳᠤᠯ᠎ᠠ ᠨᠡᠶᠢᠭᠡᠮ ᠲᠣᠭᠤᠷᠢᠭ ᠲᠤ᠂ ︽ᠬᠠᠮᠤᠭ ᠤᠨ ᠬᠦᠷᠢᠶᠡᠯᠡᠯᠳᠠᠢ ᠭᠡᠷ | ᠪᠦᠯᠢ︾ ᠪᠠᠷ ᠦᠨᠡᠯᠡᠭᠳᠡᠭᠰᠡᠨ ᠦ᠋ ᠮᠠᠨ ᠷᠦᠩ ᠦᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠨ ᠢᠶᠠᠨ | ᠠᠴᠢᠯᠠᠵᠤ ᠲᠥᠷᠥᠯ ᠰᠠᠳᠤᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠠᠮᠢᠳᠤᠯᠢᠭ ᠢᠶᠠᠷ | ᠲᠠᠶᠢᠯᠪᠤᠷᠢᠯᠠᠵᠤ᠂ ᠬᠥᠷᠰᠢ ᠵᠡᠷᠭᠡᠯᠡᠳᠡᠭᠡ ᠶᠢᠨ ᠢᠶᠠᠨ ᠰᠤᠷᠤᠯᠴᠠᠬᠤ ᠳᠠᠭᠤᠷᠢᠶᠠᠯ ᠪᠣᠯᠤᠭᠰᠠᠨ ᠪᠠᠶᠢᠨ᠎ᠠ᠃ ᠪᠦᠬᠦ | ᠠᠶᠢᠮᠠᠭ ᠲᠤ᠂ ᠡᠦ ᠮᠠᠨ ᠷᠦᠩ ᠮᠡᠲᠦ ᠶᠢᠨ ᠠᠶᠢᠮᠠᠭ ᠤᠨ ᠳᠡᠰ ᠤᠨ ︽ᠬᠠᠮᠤᠭ ᠤᠨ ᠬᠦᠷᠢᠶᠡᠯᠡᠯᠳᠠᠢ ᠭᠡᠷ ᠪᠦᠯᠢ︾ | ᠨᠢ 721 ᠡᠷᠦᠬᠡ ᠪᠤᠯᠤᠨ ᠨᠡᠮᠡᠭᠳᠡᠵᠦ᠂ ᠡᠭᠦᠨ ᠳᠤ 17 ᠡᠷᠦᠬᠡ ᠨᠢ ᠤᠯᠤᠰ ᠤᠨ ᠳᠡᠰ ᠤᠨ ︽ᠬᠠᠮᠤᠭ ᠤᠨ | ᠬᠦᠷᠢᠶᠡᠯᠡᠯᠳᠠᠢ ᠭᠡᠷ ᠪᠦᠯᠢ︾ ᠶᠢᠨ ᠢᠷᠠᠭᠤ ᠠᠯᠳᠠᠷ ᠢ ᠬᠦᠷᠲᠡᠵᠠᠢ᠃ | ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠣᠭ᠎ᠠ ︽ᠭᠡᠷ ᠪᠦᠯᠢ ᠪᠤᠯᠭᠠᠨ ᠠᠮᠤᠷ ᠵᠢᠷᠭᠠᠯᠳᠠᠢ ᠪᠠᠶᠢᠬᠤ | ᠲᠦᠷᠦᠯ ᠵᠦᠢᠯ︾ ᠢ ᠭᠡᠷᠡᠭᠵᠢᠬᠦᠯᠬᠦ ᠪᠠᠷ ᠳᠠᠮᠵᠢᠨ ︽ᠬᠢᠩᠭᠠᠨ ᠳᠤ ᠠᠨᠠᠷ ᠤᠨ ᠴᠡᠴᠡᠭ ᠪᠠᠳᠮᠠᠷᠠᠨ ᠳᠡᠯᠭᠡᠷᠡᠬᠦ︾ | ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠥᠷᠨᠢᠭᠦᠯᠪᠡ᠃ ︽ᠬᠠᠮᠤᠭ ᠤᠨ ᠬᠦᠷᠢᠶᠡᠯᠡᠯᠳᠠᠢ ᠬᠡᠷ ᠪᠦᠯᠢ︾ ᠶᠢᠨ | ᠥᠯᠢᠭᠡᠷ ᠢ ᠬᠤᠪᠢᠶᠠᠯᠴᠠᠬᠤ ᠬᠤᠷᠠᠯ᠂ ᠠᠷᠢᠭᠤᠨ ᠴᠢᠬᠡᠴᠢ ᠰᠣᠶᠣᠯ ᠢ ᠬᠡᠷ ᠪᠦᠯᠢ ᠳᠤ ᠣᠷᠣᠭᠤᠯᠬᠤ ᠶᠢ ᠠᠬᠢᠭᠤᠯᠬᠤ | ᠬᠤᠷᠠᠯ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ 100 ᠭᠠᠷᠤᠶ ᠲᠠᠯᠠᠪᠤᠷ ᠠᠮᠵᠢᠯᠲᠠ ᠲᠠᠢ ᠡᠷᠭᠢᠯᠡᠵᠦ᠂ | ᠰᠦᠯᠵᠢᠶᠡᠨ ᠳᠡᠭᠡᠷ᠎ᠠ ᠪᠠ ᠰᠦᠯᠵᠢᠶᠡᠨ ᠭᠠᠳᠠᠨ᠎ᠠ ᠲᠦᠮᠡ ᠭᠠᠷᠤᠶ ᠣᠯᠠᠨ ᠲᠦᠮᠡᠨ ᠢᠳᠡᠪᠬᠢᠲᠡᠶ ᠣᠷᠣᠯᠴᠠᠵᠠᠶ᠃ | ᠵᠠᠯᠠᠭᠤᠴᠤᠳ ᠤᠨ ᠤᠷᠤᠬ ᠬᠤᠷᠢᠮ ᠤᠨ ᠳᠤᠬᠠᠢ ᠨᠡᠶᠢᠭᠡᠮ ᠤᠨ ᠬᠠᠯᠠᠮᠰᠢᠯ ᠠᠰᠠᠭᠤᠳᠠᠯ ᠳᠤ ᠴᠢᠭᠯᠡᠭᠦᠯᠦᠨ᠂ ᠪᠥᠬᠦ | ᠠᠶᠢᠮᠠᠭ ᠲᠤ ᠡᠯ᠎ᠡ ᠲᠥᠷᠥᠯ ᠤᠨ ᠨᠠᠶᠢᠵᠠᠯᠠᠵᠦ ᠨᠥᠬᠦᠷᠯᠡᠬᠦ ᠠᠵᠢᠯᠯᠠᠭ᠎ᠠ ᠶᠢ ᠨᠡᠶᠢᠲᠡ 8 ᠲᠠᠯᠠᠪᠤᠷ ᠵᠣᠬᠢᠶᠠᠨ | ᠪᠠᠶᠢᠭᠤᠯᠤᠨ ᠥᠷᠨᠢᠭᠦᠯᠵᠦ᠂ ᠣᠷᠣᠯᠴᠠᠭᠰᠠᠨ ᠬᠥᠮᠦᠨ ᠤ ᠲᠤᠭ᠎ᠠ ᠨᠢ 1800 ᠬᠦᠷᠴᠠᠢ᠃ | ᠠᠷᠠᠳ ᠤᠨ ᠠᠮᠢᠳᠤᠷᠠᠯ ᠳᠤ ᠪᠠᠳᠤᠯᠠᠭ᠎ᠠ ᠬᠠᠨᠭ᠍ᠭᠠᠵᠦ᠂ ᠬᠠᠶᠢᠷ᠎ᠠ ᠬᠠᠯᠠᠮᠵᠢᠳᠦ ᠦᠢᠯᠡᠴᠢᠯᠡᠭᠡᠨ ᠤ ᠠᠵᠢᠯᠯᠠᠭ᠎ᠠ ᠶᠢ | ᠪᠠᠶᠢᠡᠭᠭᠤᠵᠢᠭᠤᠯᠤᠨ ᠦᠷᠨᠢᠬᠦᠯᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ ᠪᠠᠯᠭᠠᠰᠤᠨ ᠤ | ᠵᠠᠩ ᠱᠣ᠋ ᠲᠢᠩ ᠨᠢᠭᠡᠨᠳᠡ ᠭᠤᠷᠪᠠᠨ ᠵᠢᠯ ᠳᠠᠷᠠᠭᠠᠯᠠᠨ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠤᠭ᠎ᠠ ᠠᠴᠠ | ᠬᠠᠨᠳᠢᠪᠯᠡᠭᠰᠡᠨ ᠰᠤᠷᠤᠯᠭ᠎ᠠ ᠶᠢᠨ ᠲᠡᠳᠭᠦᠮᠵᠢ ᠶᠢᠨ ᠮᠥᠩᠭᠦ ᠶᠢ ᠬᠦᠷᠳᠡᠪᠡ᠃ ᠣᠳᠣᠬᠠᠨ ᠪᠣᠯᠲᠠᠯ᠎ᠠ᠂ ᠬᠢᠩᠭᠠᠨ | ᠠᠶᠢᠮᠠᠭ ᠤᠨ ᠡᠮᠡᠭᠲᠡᠶᠢᠴᠦᠳ ᠤᠨ ᠬᠤᠯᠪᠤᠭ᠎ᠠ ᠠᠴᠠ ᠰᠤᠷᠤᠯᠭ᠎ᠠ ᠶᠢ ᠲᠡᠳᠬᠦᠬᠦ ᠮᠦᠡᠭᠬᠦ ᠶᠢ 276.92 ᠲᠦᠮᠡᠨ | ᠲᠥᠭᠦᠷᠢᠭ ᠴᠢᠷᠮᠠᠶᠢᠨ ᠣᠯᠵᠤ᠂ ᠬᠠᠪᠰᠤᠷᠤᠮᠵᠢ ᠳᠡᠮᠵᠢᠯᠭᠡ ᠬᠦᠷᠳᠡᠭᠰᠡᠨ ᠰᠤᠷᠤᠭᠴᠢ ᠶᠢᠨ ᠲᠤᠭ᠎ᠠ ᠨᠢ 1242 | ᠪᠤᠯᠪᠠ᠃ | ᠨᠡᠶᠢᠭᠡᠮ ᠤᠨ ᠳᠤᠷᠤᠢ ᠪᠠᠭᠤᠷᠠᠢ ᠡᠳᠡᠭᠡᠳ ᠪᠠ ᠤᠨᠴᠠᠭᠠᠢ ᠶᠠᠳᠠᠭᠤ ᠬᠦᠴᠢᠷᠳᠠᠯᠳᠠᠢ ᠬᠦᠮᠦᠰ ᠲᠤ ᠴᠢᠭᠯᠡᠬᠦᠯᠤᠨ | ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠤᠭ᠎ᠠ ᠨᠢ ᠤᠯᠠᠨᠳᠠ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠠᠶᠢᠷ᠎ᠠ ᠬᠠᠯᠠᠮᠵᠢ ᠪᠠᠷ ᠲᠦᠮᠡᠨ ᠤ ᠰᠡᠳᠬᠢᠯ ᠢ ᠳᠤᠯᠠᠭᠠᠴᠠᠭᠤᠯᠵᠠᠢ᠃ ᠭᠤᠷᠪᠠᠨ | ᠵᠢᠯ ᠤᠨ ᠲᠤᠷᠰᠢ᠂ ᠨᠡᠶᠢᠲᠡ 64.1 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠦᠴᠢᠷᠳᠡᠯ ᠳᠤ ᠲᠤᠯᠭᠠᠷᠠᠭᠰᠠᠨ | 1025 ᠡᠮᠡᠭᠲᠡᠶᠢᠴᠦᠳ ᠬᠡᠤᠬᠡᠳ ᠲᠤ ᠦᠨᠡᠨ ᠪᠣᠳᠠᠲᠠᠶ ᠬᠠᠶᠢᠷ᠎ᠠ ᠬᠠᠯᠠᠮᠵᠢ ᠬᠦᠷᠭᠡᠪᠡ᠃ ︽ᠬᠤᠤᠰ ᠪᠠᠶᠠᠷ︾ | ᠵᠡᠷᠭᠡ ᠣᠨᠴᠠᠭᠠᠶ ᠴᠠᠭ ᠬᠤᠭᠤᠴᠠᠭᠠᠨ ᠳᠤ᠂ ᠪᠤᠯᠭᠤᠭᠠᠨ ᠲᠣᠬᠤᠨᠢᠭᠤᠯᠬᠤ ᠠᠵᠢᠯᠯᠠᠭ᠎ᠠ ᠶᠢ ᠲᠠᠰᠤᠯᠳᠠᠯ ᠥᠬᠡᠶ | ᠦᠷᠨᠢᠬᠦᠯᠤᠨ᠂ ᠬᠦᠴᠢᠷᠳᠡᠯ ᠳᠤ ᠲᠤᠯᠭᠠᠷᠠᠭᠰᠠᠨ ᠡᠮᠡᠭᠲᠡᠶᠢᠴᠦᠳ ᠲᠤ ᠨᠡᠶᠢᠲᠡ 108.1 ᠲᠦᠮᠡᠨ ᠲᠥᠭᠦᠷᠢᠭ ᠤᠨ | ᠲᠣᠬᠤᠨᠢᠭᠤᠯᠬᠤ ᠪᠣᠳᠠᠰ ᠲᠠᠷᠬᠠᠭᠠᠪᠠ᠃ ᠳᠣᠣᠷ᠎ᠠ ᠣᠷᠣᠯᠭ᠎ᠠ ᠲᠠᠢ ︽ᠬᠤᠶᠠᠷ ᠥᠮᠡᠨ︾ ᠡᠪᠡᠳᠴᠢᠨ ᠳᠤ | ᠨᠡᠷᠪᠡᠭᠳᠡᠭᠰᠡᠨ ᠡᠮᠡᠭᠲᠡᠶᠢᠴᠦᠳ ᠢ ᠠᠪᠤᠷᠠᠨ ᠲᠤᠰᠠᠯᠠᠬᠤ ᠠᠵᠢᠯ ᠢ ᠥᠷᠨᠢᠭᠦᠯᠵᠦ᠂ ᠨᠡᠶᠢᠲᠡ 1797 ᠡᠮᠡᠭᠲᠡᠶᠢᠴᠦᠳ ᠢ | ᠬᠠᠪᠰᠤᠷᠤᠨ 1797 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠭᠤᠶᠤᠴᠢᠯᠠᠭᠤᠯᠵᠤ᠂ ᠲᠡᠳᠡᠨ ᠤ | ᠠᠮᠢᠳᠤᠷᠠᠯ ᠤᠨ ᠬᠦᠰᠡᠯ ᠡᠷᠡᠮᠡᠯᠵᠡᠯ ᠢ ᠳᠠᠬᠢᠨ ᠰᠡᠷᠭᠦᠭᠡᠪᠡ᠃ ︽ᠬᠠᠶᠢᠷ᠎ᠠ ᠰᠡᠳᠬᠢᠯᠳᠦ ᠡᠵᠢ︾ ᠶᠢᠨ ᠬᠡᠷ ᠲᠡᠭᠡᠨ | ᠦᠯᠡᠳᠡᠵᠦ ᠬᠤᠴᠣᠷᠤᠭᠰᠠᠨ ᠬᠡᠤᠬᠡᠳ ᠢ ᠬᠠᠯᠠᠮᠵᠢᠯᠠᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠲᠡ | 1217 ︽ᠬᠠᠶᠢᠷ᠎ᠠ ᠰᠡᠳᠬᠢᠯᠳᠦ ᠡᠵᠢ︾ ᠶᠢ ᠡᠯᠰᠡᠵᠦ᠂ ᠬᠦᠴᠢᠷᠳᠡᠯ ᠳᠤ ᠲᠤᠯᠭᠠᠷᠠᠭᠰᠠᠨ 997 ᠬᠡᠤᠬᠡᠳ ᠢ | ᠬᠠᠪᠰᠤᠷᠤᠨ ᠳᠡᠮᠵᠢᠵᠦ᠂ ᠡᠯ᠎ᠡ ᠲᠥᠷᠥᠯ ᠤᠨ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ 50 ᠲᠠᠯᠠᠪᠤᠷ ᠥᠷᠨᠢᠭᠦᠯᠪᠡ᠃ | | ᠳᠤᠮᠳᠠᠳᠤ ᠶᠢᠨ ᠦᠨᠳᠦᠰᠦᠲᠡᠨ ᠶᠡᠷᠦ ᠠᠴᠠ ᠭᠡᠷ ᠪᠦᠯᠢ ᠶᠢ ᠴᠢᠬᠤᠯᠠᠴᠢᠯᠠᠳᠠᠭ᠃ ᠨᠠᠰᠤᠲᠠᠨ ᠢᠶᠠᠨ | ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠠᠬ᠎ᠠ ᠳᠡᠭᠦᠦ ᠬᠤᠭᠤᠷᠤᠨᠲᠤ ᠪᠠᠨ ᠨᠥᠬᠦᠷᠰᠡᠭ ᠪᠠᠶᠢᠬᠤ᠂ ᠠᠵᠢᠯᠴᠢ | ᠠᠷᠪᠢᠴᠢ ᠪᠠᠷ ᠠᠵᠤ ᠲᠦᠷᠦᠭᠦ᠂ ᠮᠡᠳᠡᠯᠭᠡ ᠮᠤᠷᠠᠯ ᠲᠠᠢ ᠪᠠᠶᠢᠬᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ | ᠴᠠᠭᠠᠵᠠ ᠶᠢ ᠰᠠᠬᠢᠬᠤ᠂ ᠭᠡᠷ ᠬᠤᠲᠠᠯᠠᠭᠠᠷ ᠡᠶ᠎ᠡ ᠡᠪᠲᠡᠢ ᠪᠤᠯᠪᠠᠰᠤ ᠬᠠᠮᠤᠭ ᠦᠢᠯᠡᠰ ᠬᠦᠭᠵᠢᠩᠭᠦᠢ ᠵᠡᠷᠭᠡ | ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠭᠡᠷ ᠪᠦᠯᠢ ᠶᠢᠨ ᠰᠠᠶᠢᠨ ᠰᠠᠶᠢᠬᠠᠨ ᠪᠤᠯᠪᠠᠰᠤᠨ ᠰᠤᠷᠲᠠᠯ ᠪᠣᠯ | ᠳᠤᠮᠳᠠᠳᠤ ᠶᠢᠨ ᠦᠨᠳᠦᠰᠦᠲᠡᠨ ᠤ ᠪᠤᠯᠪᠠᠰᠤᠨ ᠬᠡᠪ ᠰᠤᠷᠳᠠᠯ ᠢ ᠴᠤᠭᠴᠠᠯᠠᠬᠤ ᠦᠶ᠎ᠡ ᠶᠢᠨ ᠦᠶ᠎ᠡ ᠳᠡᠭᠡᠨ ᠲᠠᠰᠤᠷᠠᠰᠢ | ᠦᠭᠡᠢ᠂ ᠦᠶ᠎ᠡ ᠤᠯᠠᠷᠢᠨ ᠤᠯᠠᠮᠵᠢᠯᠠᠬᠤ ᠶᠢ ᠲᠤᠯᠭᠠᠭᠤᠷᠢᠯᠠᠬᠤ ᠴᠢᠬᠤᠯᠠ ᠤᠶᠤᠨ ᠰᠠᠨᠠᠭᠠᠨ ᠤ ᠬᠦᠴᠦᠨ ᠪᠤᠯᠬᠤ | ᠲᠡᠳᠦᠢ ᠦᠬᠡᠢ ᠮᠦᠨ ᠴᠤ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠷᠬᠢᠮ ᠨᠠᠨᠳᠢᠨ ᠤᠶᠤᠨ ᠰᠠᠨᠠᠭᠠᠨ ᠤ | ᠡᠳ᠋ ᠪᠠᠶᠠᠯᠢᠭ ᠪᠤᠯᠬᠤ ᠶᠤᠮ᠃ | ︽ᠪᠢᠳᠡ ︿ᠵᠠᠰᠠᠭ ᠤᠨ ᠣᠷᠳᠣᠨ ᠠᠴᠠ ᠭᠤᠤᠯᠯᠠᠭᠤᠯᠤᠬᠰᠠᠨ᠂ ᠰᠠᠯᠠᠭ᠎ᠠ ᠮᠥᠴᠢᠷ ᠬᠠᠮᠵᠢᠯᠴᠠᠬᠰᠠᠨ᠂ | ᠨᠡᠶᠢᠭᠡᠮ ᠨᠡᠶᠢᠲᠡ ᠪᠠᠷ ᠢᠶᠠᠨ ᠣᠷᠣᠯᠴᠠᠬᠰᠠᠨ﹀ ᠬᠠᠶᠢᠷ᠎ᠠ ᠬᠠᠯᠠᠮᠵᠢ ᠶᠢᠨ ᠲᠣᠭᠲᠠᠴᠠ ᠶᠢ ᠪᠠᠶᠢᠭᠤᠯᠵᠦ᠂ ᠠᠷᠠᠳ ᠤᠨ | ᠶᠠᠪᠤᠳᠠᠯ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠣᠯᠠᠨ ᠰᠠᠯᠠᠭ᠎ᠠ ᠮᠥᠴᠢᠷ ᠤᠨ ᠡᠬᠢ | ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠰᠢᠰᠲ᠋ᠧᠮ ᠢ ᠨᠠᠷᠢᠨ ᠨᠢᠮᠪᠠᠶ | ᠪᠠᠶᠢᠭᠤᠯᠵᠤ᠂ ᠡᠮᠡᠭᠲᠡᠶᠢᠴᠦᠳ ᠬᠡᠤᠬᠡᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ | ᠨᠠᠮᠡᠭᠳᠡᠬᠦᠯᠵᠠᠢ︾ ᠭᠡᠵᠦ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠤᠯᠪᠤᠭ᠎ᠠ ᠶᠢᠨ ᠡᠮᠡᠭᠲᠡᠶᠢᠴᠦᠳ ᠤᠨ | ᠬᠥᠭᠵᠢᠯᠲᠡ ᠶᠢᠨ ᠬᠡᠯᠲᠡᠰ ᠤᠨ ᠬᠠᠷᠢᠭᠤᠴᠠᠯᠭᠠᠲᠠᠨ ᠬᠥ᠋ ᠶᠣᠣ ᠲᠠᠨᠢᠯᠴᠠᠭᠤᠯᠪᠠ᠃ · ᡁᠢ ᠮᠢᠨ ᠯᠢᠤᠢ ᠪᠢᠡᠭ ᠵᠢᠤᠸᠠᠨ · |