3 ᠰᠠᠷ᠎ᠠ ᠶᠢᠨ 31 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ 2025 ᠣᠨ ᠤ ᠨᠢᠭᠡᠳᠦᠭᠡᠷ ᠤᠯᠠᠷᠢᠯ ᠤᠨ | ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠨᠢ ᠳᠥᠷᠪᠡᠨ ᠵᠥᠪᠯᠡᠬᠦ ᠵᠦᠢᠯᠡᠰ ᠢ ᠬᠠᠮᠤᠷᠴᠤ᠂ ᠪᠦᠬᠦ ᠵᠢᠯ ᠤᠨ | ᠠᠵᠢᠯ ᠤᠨ ᠴᠢᠭᠯᠡᠯ ᠢ ᠲᠣᠭᠲᠠᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠣ ᠵᠣᠪᠠᠨᠢᠵᠤ ᠬᠦᠰᠡᠵᠦ ᠪᠠᠶᠢᠭ᠎ᠠ | ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠠᠵᠢᠯ ᠤᠨ ᠴᠢᠭᠯᠡᠯ ᠢᠶᠠᠨ ᠲᠣᠳᠣᠷᠬᠠᠶᠢᠯᠠᠪᠠ | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠣᠯᠣᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠡᠭᠠᠨ ᠤ ᠬᠤᠷᠠᠯ ᠤᠨ ᠵᠣᠷᠢᠭ ᠰᠠᠨᠠᠭ᠎ᠠ᠂ | ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ | ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠠᠶᠢᠮᠠᠭ ᠤᠨ ︽ᠵᠢᠷᠭᠤᠭᠠᠨ ᠠᠵᠢᠯᠯᠠᠭ᠎ᠠ︾ ᠶᠢ ᠪᠥᠬᠦ | ᠬᠦᠴᠦᠨ ᠢᠶᠠᠷ ᠢᠶᠠᠨ ᠠᠬᠢᠭᠤᠯᠬᠤ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠪᠠ᠃ | ᠬᠤᠷᠠᠯ ᠠᠴᠠ᠂ ᠪᠦᠬᠦ ᠲᠥᠯᠥᠭᠡᠯᠡᠭᠴᠢᠳ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ | ᠲᠡᠭᠦᠨ ᠢ ᠪᠣᠳᠠᠲᠠᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠡᠭᠦᠨ ᠤ ᠬᠠᠮᠲᠤ ᠪᠠᠰᠠ | ᠷᠠᠰᠢᠶᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | 2025 ᠣᠨ ᠤ ᠠᠵᠢᠯ ᠤᠨ ᠭᠤᠣᠯᠳᠠᠯᠭ᠎ᠠ᠂ ᠷᠠᠰᠢᠶᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠠᠷᠭ᠎ᠠ ᠶᠢ ᠤᠯᠠᠮᠵᠢᠯᠠᠨ | ᠰᠤᠷᠤᠯᠴᠠᠪᠠ᠃ ᠲᠣᠰ ᠵᠢᠯ ᠤᠨ ᠠᠵᠢᠯ ᠤᠨ ᠭᠤᠤᠯᠳᠠᠯᠭ᠎ᠠ ᠪᠠ ᠴᠢᠭᠯᠡᠯ ᠢ ᠲᠣᠳᠣᠷᠬᠠᠶᠢᠯᠠᠵᠤ᠂ ᠲᠥᠯᠥᠭᠡᠯᠡᠭᠴᠢᠳ ᠤᠨ | ᠦᠷᠭᠦᠯᠵᠢ ᠣᠯᠠᠨ ᠲᠦᠮᠡᠨ ᠤ ᠳᠤᠮᠳᠠ ᠭᠦᠨᠵᠡᠭᠡᠶᠢᠷᠡᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ | ᠭᠠᠷᠭᠠᠬᠤ ᠶᠢ ᠵᠣᠷᠢᠭᠵᠢᠭᠤᠯᠵᠤ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ | ᠶᠢ ᠴᠢᠬᠤᠯᠠᠴᠢᠯᠡᠪᠡ᠃ | ᠨᠡᠪᠲᠡᠷᠡᠯᠴᠡᠬᠦ ᠭᠦᠭᠦᠷᠭᠡ ᠬᠤᠯᠪᠣᠭᠠᠰᠣ ᠪᠠᠶᠢᠭᠤᠯᠵᠤ ᠣᠯᠠᠨ ᠲᠦᠮᠡᠨ ᠲᠠᠢ ᠨᠢᠭᠲᠠ ᠬᠠᠷᠢᠯᠴᠠᠵᠡᠢ | ᠠᠷᠠᠳ ᠤᠨ ᠠᠮᠢᠳᠤᠷᠠᠯ ᠢ ᠨᠠᠩ ᠰᠠᠶᠢᠨ ᠣᠶᠢᠯᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠣᠯᠤᠨ ᠰᠣᠩᠭᠤᠭᠤᠯᠢ ᠶᠢᠨ ᠠᠷᠠᠳ ᠤᠨ ᠨᠡᠪᠲᠡᠷᠡᠯᠴᠡᠭᠡ ᠶᠢ ᠴᠢᠩᠭᠠᠳᠬᠠᠬᠤ ᠶᠢᠨ ᠲᠥᠯᠥᠭᠡ᠂ | ᠬᠤᠷᠠᠯ ᠠᠴᠠ ᠢᠷᠪᠢᠰ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠰᠠᠭᠤᠭᠠᠯᠢ ᠠᠷᠠᠳ ᠤᠨ ᠲᠣᠭᠤᠷᠢᠭ ᠲᠠᠢ ᠬᠠᠷᠢᠯᠴᠠᠬᠤ ᠠᠵᠢᠯ ᠤᠨ ᠳᠤᠭᠤᠶᠢᠯᠠᠩ ᠪᠠᠶᠢᠭᠤᠯᠬᠤ ᠪᠠᠷ ᠲᠣᠬᠳᠡᠪᠡ᠃ | ᠲᠥᠯᠥᠭᠡᠯᠡᠭᠴᠢᠳ ᠤᠨ ᠰᠠᠭᠤᠭᠠᠯᠢ ᠠᠷᠠᠳ ᠤᠨ ᠲᠣᠭᠤᠷᠢᠭ ᠢᠶᠠᠷ ᠭᠦᠨᠵᠡᠭᠡᠶᠢᠷᠡᠨ ᠠᠵᠢᠯ ᠢ ᠪᠠᠶᠢᠩᠭᠤᠵᠢᠭᠤᠯᠤᠨ | ᠥᠷᠨᠢᠭᠦᠯᠵᠦ᠂ ᠰᠣᠩᠭᠤᠭᠤᠯᠢ ᠶᠢᠨ ᠠᠷᠠᠳ ᠤᠨ ᠰᠠᠨᠠᠯ ᠪᠠ ᠰᠠᠨᠠᠭᠤᠯᠭ᠎ᠠ ᠶᠢ ᠴᠤᠭᠯᠠᠭᠤᠯᠵᠤ᠂ ᠴᠠᠭ ᠲᠤᠬᠠᠶ ᠳᠤᠨᠢ | ᠳ᠋ᠦᠩᠨᠡᠨ ᠴᠠᠭ ᠲᠤᠬᠠᠶ ᠳᠤᠨᠢ ᠬᠠᠷᠢᠭᠤ ᠲᠤᠰᠬᠠᠵᠤ᠂ ᠴᠢᠨᠠᠷ ᠰᠠᠶᠢᠲᠠᠶ ᠰᠠᠨᠠᠯ ᠰᠠᠨᠠᠭᠤᠯᠭ᠎ᠠ ᠶᠢ ᠲᠣᠷᠡᠳᠴᠣ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠪᠣᠯᠭᠠᠨ᠂ ᠠᠷᠠᠳ ᠤᠨ | ᠲᠥᠯᠥᠭᠡᠯᠡᠭᠴᠢᠳ ᠤᠨ ᠠᠷᠠᠳ ᠲᠦᠮᠡᠨ ᠤ ᠲᠥᠯᠥᠭᠡ ᠵᠢᠳᠬᠦᠬᠦ ᠪᠣᠳᠠᠲᠠᠶ ᠦᠢᠯᠡᠳᠦᠯ ᠢ ᠦᠨᠡᠨ ᠬᠦ ᠪᠠᠳᠠᠷᠠᠭᠤᠯᠬᠤ | ᠬᠡᠷᠡᠭᠲᠡᠶ ᠭᠡᠵᠦ ᠱᠠᠭᠠᠷᠳᠠᠪᠠ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠩᠬᠠᠷᠴᠣ ᠠᠵᠢᠯ ᠤᠨ ᠦᠷ᠎ᠡ ᠪᠦᠲᠦᠮᠵᠢ ᠪᠠᠨ | ᠲᠡᠭᠡᠭᠰᠢᠯᠠᠬᠦᠯᠵᠡᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ 2024 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠴᠢᠭᠯᠡᠭᠦᠯᠦᠨ | ᠲᠥᠯᠥᠭᠡᠯᠡᠭᠴᠢᠳ ᠲᠤ ᠨᠠᠷᠢᠨ ᠨᠢᠭᠲᠠ ᠮᠡᠳᠡᠭᠳᠡᠪᠡ᠃ ︽ᠤᠭ ᠰᠠᠨᠠᠭ᠎ᠠ︾ ᠶᠢᠨ ᠨᠠᠮ ᠤᠨ ᠪᠠᠶᠢᠭᠤᠯᠤᠯᠲᠠ ᠶᠢᠨ | ᠤᠷᠲᠤ ᠬᠤᠩᠭᠢᠯ ᠤᠨ ᠲᠥᠷᠥᠯ ᠵᠦᠢᠯ ᠢ ᠪᠠᠶᠢᠭᠤᠯᠤᠭᠰᠠᠨ ᠨᠢ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠵᠣ᠂ ᠨᠠᠰᠤᠲᠠᠶᠢᠴᠤᠳ ᠤᠨ ᠠᠵᠢᠯᠯᠠᠭᠠᠨ ᠤ ᠲᠠᠯᠠᠪᠤᠷ ᠤᠨ ᠲᠥᠷᠥᠯ ᠵᠦᠢᠯ ᠢ | ᠨᠡᠮᠡᠭᠳᠡᠭᠦᠯᠵᠦ᠂ ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠵᠤᠭ᠎ᠠ ᠴᠡᠩᠭᠡᠯ ᠤᠨ ᠬᠡᠷᠡᠭᠴᠡᠭᠡ | ᠱᠠᠭᠠᠷᠳᠠᠯᠭ᠎ᠠ ᠶᠢ ᠪᠦᠲᠦᠮᠵᠢᠲᠡᠶ ᠬᠠᠩᠭᠠᠪᠠ︔ ᠬᠡᠤᠬᠡᠳ ᠤᠨ ᠭᠡᠷ ᠪᠦᠯᠢ ᠶᠢᠨ ᠠᠵᠢᠯᠯᠠᠭ᠎ᠠ ᠶᠢᠨ ᠲᠥᠷᠥᠯ ᠵᠦᠢᠯ ᠢ | ᠪᠠᠶᠠᠯᠢᠭᠵᠢᠭᠤᠯᠣᠨ᠂ ᠬᠡᠤᠬᠡᠳ ᠤᠳ ᠲᠤ ᠨᠠᠩ ᠪᠠᠶᠠᠯᠢᠭ ᠰᠠᠶᠢᠬᠠᠨ ᠬᠢᠴᠢᠶᠡᠯ ᠤᠨ ᠭᠠᠳᠠᠨᠠᠬᠢ ᠠᠮᠢᠳᠤᠷᠠᠯ ᠢ ᠡᠭᠦᠳᠦᠨ | ᠥᠭᠴᠦ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠡ᠃ ᠡᠳᠡᠭᠡᠷ ᠵᠦᠢᠯᠡᠰ ᠢ | ᠤᠷᠤᠭᠰᠢᠲᠠᠶ ᠪᠡᠶᠡᠯᠡᠭᠦᠯᠦᠭᠰᠡᠨ ᠨᠢ ᠲᠥᠯᠥᠭᠡᠯᠡᠭᠴᠢᠳ ᠤᠨ ᠭᠦᠢᠴᠡᠳ ᠨᠤᠲᠠᠯᠠᠯᠲᠠ ᠶᠢ ᠣᠯᠤᠭᠰᠠᠨ ᠪᠠᠶᠢᠨ᠎ᠠ᠃ | ᠥᠷᠭᠡᠨ ᠳᠡᠯᠭᠡᠷ ᠰᠠᠨᠠᠯ ᠰᠠᠨᠠᠭᠤᠯᠭ᠎ᠠ ᠶᠢ ᠴᠤᠭᠯᠠᠭᠤᠯᠵᠤ ᠠᠷᠠᠳ ᠤᠨ ᠠᠮᠢᠳᠤᠷᠠᠯ ᠤᠨ ᠬᠠᠯᠠᠮᠰᠢᠯ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠪᠡ | ᠬᠠᠮᠤᠭ ᠡᠴᠦᠰ ᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠯᠠᠨ ᠲᠦᠮᠡᠨ ᠤ | ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠣᠭᠤᠷᠢᠨ ᠳᠤ ᠭᠦᠨᠵᠡᠭᠡᠶ ᠶᠠᠷᠢᠯᠴᠠᠨ ᠰᠣᠳᠣᠯᠪᠡ᠃ | ᠲᠥᠯᠥᠭᠡᠯᠡᠭᠴᠢᠳ ᠠᠯᠢ ᠣᠯᠠᠨ ᠠᠰᠠᠭᠤᠳᠠᠯ ᠢ ᠬᠠᠷᠢᠭᠤ ᠲᠤᠰᠬᠠᠪᠠ᠄ ᠰᠠᠭᠤᠭᠠᠯᠢ ᠲᠣᠭᠤᠷᠢᠭ ᠤᠨ ᠠᠳᠠᠯ | ᠠᠬᠤᠶ ᠶᠢᠨ ᠠᠰᠠᠭᠤᠳᠠᠯ ᠳᠤ ᠴᠢᠭᠯᠡᠭᠦᠯᠦᠨ᠂ ᠲᠥᠯᠥᠭᠡᠯᠡᠭᠴᠢ ᠠᠴᠠ ᠠᠳᠠᠯ ᠠᠬᠤᠶ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠭᠤᠯᠭ᠎ᠠ ᠳᠤᠷᠠᠳᠪᠠ︔ | ᠳᠤᠯᠠᠭᠠᠯᠠᠭ᠎ᠠ ᠶᠢᠨ ᠠᠰᠠᠭᠤᠳᠠᠯ ᠳᠤ ᠴᠢᠭᠯᠡᠭᠦᠯᠦᠨ᠂ ᠲᠥᠯᠥᠭᠡᠯᠡᠭᠴᠢᠳ ᠤᠨ ᠰᠠᠨᠠᠭᠤᠯᠭ᠎ᠠ ᠨᠢ ᠳᠤᠯᠠᠭᠠᠯᠭ᠎ᠠ ᠶᠢᠨ | ᠲᠥᠬᠦᠭᠡᠷᠦᠮᠵᠢ ᠶᠢ ᠰᠢᠯᠢᠳᠡᠭᠵᠢᠭᠦᠯᠬᠦ ᠵᠢᠴᠢ ᠳᠤᠯᠠᠭᠠᠯᠠᠭ᠎ᠠ ᠶᠢᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠲᠤᠬᠠᠶ | ᠰᠠᠨᠠᠭᠤᠯᠭ᠎ᠠ ᠳᠤᠷᠠᠳᠪᠠ︔ ᠭᠠᠭᠴᠠᠭᠠᠷ ᠰᠠᠭᠤᠭ᠎ᠠ ᠨᠠᠰᠤᠲᠠᠶᠢᠴᠤᠳ ᠤᠨ ᠠᠰᠠᠭᠤᠳᠠᠯ ᠳᠤ ᠴᠢᠭᠯᠡᠭᠦᠯᠦᠨ᠂ | ᠬᠠᠯᠠᠮᠵᠢᠯᠠᠨ ᠬᠠᠶᠢᠷᠠᠯᠠᠬᠤ ᠲᠣᠭᠲᠠᠴᠠ ᠶᠢ ᠪᠠᠶᠢᠭᠤᠯᠵᠤ᠂ ᠬᠠᠷᠢᠶ᠎ᠠ ᠣᠷᠣᠨ ᠤ ᠳᠣᠲᠣᠷ᠎ᠠ ᠭᠠᠭᠴᠠᠭᠠᠷ ᠰᠠᠭᠤᠭ᠎ᠠ | ᠨᠠᠰᠤᠲᠠᠶᠢᠴᠤᠳ ᠲᠤ ᠥᠪᠡᠷᠮᠢᠴᠡ ᠦᠢᠯᠡᠴᠢᠯᠡᠭᠡ ᠬᠠᠩᠭᠠᠬᠤ ᠶᠢ ᠰᠠᠨᠠᠭᠤᠯᠪᠠ᠃ ᠬᠠᠷᠢᠶ᠎ᠠ ᠣᠷᠣᠨ ᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠠᠰᠠᠭᠤᠳᠠᠯ ᠳᠤ ᠴᠢᠭᠯᠡᠭᠦᠯᠦᠨ᠂ ᠰᠠᠭᠤᠭᠠᠯᠢ ᠲᠣᠭᠤᠷᠢᠭ ᠤᠨ ᠬᠢᠨᠠᠨ ᠡᠵᠡᠮᠳᠡᠬᠦ ᠶᠢ | ᠪᠦᠬᠦᠨ ᠢ ᠬᠠᠮᠤᠷᠬᠤ ᠶᠢ ᠪᠡᠶᠡᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠶᠢ ᠰᠠᠨᠠᠭᠤᠯᠪᠠ︔ ᠬᠠᠷᠢᠶ᠎ᠠ ᠣᠷᠣᠨ ᠤ ᠰᠥᠨᠢ ᠶᠢᠨ ᠭᠡᠷᠡᠯᠲᠦᠭᠦᠯᠭᠡ ᠶᠢᠨ ᠠᠰᠠᠭᠤᠳᠠᠯ ᠳᠤ | ᠴᠢᠭᠯᠡᠭᠦᠯᠦᠨ᠂ ᠵᠠᠮ ᠤᠨ ᠳ᠋ᠧᠩ ᠨᠡᠮᠡᠵᠦ᠂ ᠰᠠᠭᠤᠭᠠᠯᠢ ᠠᠷᠠᠳ ᠤᠨ ᠰᠥᠨᠢ ᠪᠠᠷ ᠭᠠᠳᠠᠭᠰᠢ ᠭᠠᠷᠬᠤ ᠳᠤ ᠲᠥᠬᠦᠮ | ᠦᠵᠡᠭᠦᠯᠬᠦ ᠵᠡᠷᠭᠡ ᠰᠠᠨᠠᠯ ᠢ ᠡᠮᠬᠢᠯᠡᠨ ᠬᠤᠷᠢᠶᠠᠩᠭᠤᠶᠢᠯᠠᠵᠤ᠂ ᠳᠠᠷᠠᠭᠠᠴᠢ ᠪᠠᠷ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠵᠢᠯ ᠤᠨ ᠵᠥᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ | ᠵᠣᠬᠢᠴᠠᠭᠤᠯᠣᠨ᠂ ᠤᠯᠠᠨ ᠵᠦᠢᠯ ᠤᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠥᠷᠨᠢᠭᠦᠯᠵᠦ᠂ ᠤᠯᠠᠨ | ᠲᠦᠮᠡᠨ ᠤ ︽ᠪᠠᠴᠢᠮᠳᠠᠵᠤ ᠲᠦᠪᠡᠭᠳᠡᠵᠣ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠨ᠎ᠠ᠃ | ᠲᠣᠰ ᠤᠳᠠᠭᠠᠨ ᠤ ᠬᠤᠷᠠᠯ ᠢ ᠬᠤᠷᠠᠯᠳᠤᠭᠰᠠᠨ ᠨᠢ ᠢᠷᠪᠢᠰ ᠵᠡᠭᠡᠯᠢ ᠶᠢᠨ 2025 ᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠠᠲᠤ ᠪᠠᠬᠢ ᠠᠵᠢᠯ ᠤᠨ ᠰᠠᠭᠤᠷᠢ ᠶᠢ ᠲᠠᠯᠪᠢᠵᠤ ᠥᠭᠴᠡᠶ᠃ | ᠳᠠᠷᠠᠭᠠᠴᠢ ᠶᠢᠨ ᠠᠯᠬᠤᠮ ᠳᠤ᠂ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠥᠪᠯᠡᠯ ᠦᠷᠭᠦᠯᠵᠢᠯᠡᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠢᠳᠡᠪᠬᠢᠲᠡᠢ ᠪᠠᠷ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠰᠣᠩᠭᠤᠭᠤᠯᠢ ᠶᠢᠨ ᠠᠷᠠᠳ ᠲᠠᠢ ᠨᠢᠭᠲᠠ ᠬᠠᠷᠢᠯᠴᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠵᠤ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠳᠤ ᠦᠢᠯᠡᠴᠢᠯᠡᠵᠦ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠨᠡᠮᠡᠭᠳᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠃ |