ᠲᠢᠶᠠᠨ ᡂᠢ ᠪᠠᠯᠭᠠᠰᠤ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠡᠢ
ᠨᠡᠶᠢᠲᠡᠯᠡᠭᠰᠡᠨ ᠴᠠᠭ᠄
2025/4/3
      ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢ ᠦᠨᠡᠨ ᠬᠦ ᠪᠠᠲᠤᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠷᠡᠰᠢᠶᠠᠨ ᠬᠤᠳᠡ  ᠶᠢᠨ ᠲᠢᠶᠠᠨ ᡂᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠾᠦᠸᠧ ᠮᠢᠩ ᠰᠢᠤᠸᠠᠨ ᠪᠦᠯᠬᠦᠮ ᠳᠠᠭᠠᠭᠤᠯᠤᠨ ᠷᠠᠰᠢᠶᠠᠨ ᠤ ᠰᠧᠨ ᠭᠥᠩ ᠪᠦᠯᠦᠭᠯᠡᠯ ᠤᠨ ᠬᠢᠯᠢ ᠶᠢᠨ ᠡᠵᠡᠩᠨᠡᠯᠲᠡ ᠶᠢ ᠬᠠᠮᠢᠶᠠᠷᠤᠨ ᠬᠠᠮᠠᠭᠠᠯᠠᠬᠤ ᠲᠥᠪ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨ ᠴᠧᠩ ᠵᠡᠭᠡᠯᠢ ᠶᠢᠨ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠲᠤᠰᠬᠠᠶ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠴᠢᠬᠤᠯᠠ ᠣᠶ ᠰᠢᠭᠤᠶ ᠶᠢᠨ ᠶᠠᠪᠤᠳᠠᠯ ᠤᠨ ᠪᠠᠶᠢᠴᠠᠭᠠᠬᠤ ᠥᠷᠲᠡᠭᠡ᠂ ᠭᠤᠤᠯᠳᠠᠯᠭ᠎ᠠ ᠲᠠᠢ ᠣᠶᠢᠯᠡᠳᠪᠦᠷᠢᠯᠡᠯ ᠡᠵᠡᠩᠨᠡᠯᠲᠡ ᠶᠢᠨ ᠪᠠᠶᠢᠭᠤᠯᠭ᠎ᠠ ᠨᠢᠭᠡᠴᠢ᠂ ᠴᠢᠬᠤᠯᠠ ᠲᠥᠷᠥᠯ ᠵᠣᠶᠢᠯ ᠤᠨ ᠪᠠᠷᠢᠯᠭ᠎ᠠ ᠶᠢᠨ ᠭᠠᠵᠠᠷ  ᠢᠶᠠᠷ ᠭᠦᠨᠵᠡᠭᠡᠶᠢᠷᠡᠨ ᠭᠠᠯ ᠰᠠᠷᠭᠡᠶᠢᠯᠡᠨ ᠤᠨᠲᠠᠷᠠᠭᠠᠬᠤ᠂ ᠠᠶᠤᠯᠭᠦᠶ ᠣᠶᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠷᠡᠳ ᠣᠯᠡᠨ ᠤ ᠠᠮᠤᠷ ᠲᠦᠪᠰᠢᠨ ᠤ ᠤᠷᠢᠳᠴᠢᠯᠠᠨ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠪᠠᠶᠢᠴᠠᠭᠠᠬᠤ ᠳᠤᠭᠤᠶᠢᠯᠠᠩ ᠡᠩ ᠲᠡᠷᠢᠭᠦᠨ ᠳᠤ ᠬᠠᠷᠢᠶ᠎ᠠ ᠣᠷᠣᠨ ᠤ ᠪᠠᠨ ᠭᠠᠯ ᠰᠠᠷᠭᠡᠶᠢᠯᠡᠨ ᠤᠨᠲᠠᠷᠠᠭᠠᠬᠤ ᠪᠠᠶᠢᠴᠠᠭᠠᠯᠲᠠ ᠶᠢᠨ ᠥᠷᠲᠡᠭᠡ ᠪᠠᠷ ᠬᠦᠷᠴᠦ᠂ ᠭᠠᠯ ᠰᠠᠷᠭᠡᠶᠢᠯᠡᠨ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ᠂ ᠵᠢᠵᠢᠭᠦᠷᠯᠡᠬᠦ ᠲᠦᠷᠢᠮ ᠤᠨ ᠨᠠᠶᠢᠳᠠᠪᠤᠷᠢᠵᠢᠭᠤᠯᠤᠯᠲᠠ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠠᠵᠢᠯᠲᠠᠨ ᠢ ᠠᠭᠤᠯᠠᠨ ᠳᠤ ᠣᠷᠣᠬᠤ ᠶᠢ ᠳᠠᠩᠰᠠᠯᠠᠬᠤ ᠪᠠ ᠭᠠᠯ ᠤᠨ ᠲᠥᠷᠥᠯ ᠢ ᠬᠤᠷᠢᠶᠠᠨ ᠠᠪᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠣᠶ ᠰᠢᠭᠤᠶ ᠶᠢᠨ ᠭᠠᠯ ᠲᠣᠶᠢᠮᠠᠷ ᠢ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠨ᠂ ᠣᠶ ᠰᠢᠭᠤᠶ ᠶᠢᠨ ︽ᠭᠠᠯ ᠰᠡᠷᠭᠡᠶᠢᠯᠡᠬᠦ ᠬᠡᠷᠡᠮ︾ ᠢ ᠪᠠᠲᠤ ᠴᠣᠭᠴᠠᠯᠠᠬᠤ ᠬᠡᠷᠡᠭᠲᠡᠶ ᠭᠡᠵᠦ ᠱᠠᠭᠠᠷᠳᠠᠪᠠ᠃ ᠳᠠᠷᠠᠭ᠎ᠠ ᠨᠢ᠂ ᠪᠠᠶᠢᠴᠠᠭᠠᠬᠤ ᠳᠤᠭᠤᠶᠢᠯᠠᠩ ᠲᠢᠶᠠᠨ ‍ᠣᠣᠢ ᠳ᠋ᠧᠤᠹᠦ᠋ ᠶᠢᠨ ᠦᠢᠯᠡᠳᠬᠡᠯ ᠤᠨ ᠭᠠᠵᠠᠷ ᠢᠶᠠᠷ ᠬᠦᠷᠴᠦ᠂ ᠳ᠋ᠧᠤᠹᠦ᠋ ᠶᠢᠨ ᠦᠢᠯᠡᠳᠬᠡᠯ ᠤᠨ ᠭᠠᠵᠠᠷ ᠤᠨ ᠦᠢᠯᠡᠳᠪᠦᠷᠢᠯᠡᠯ ᠤᠨ ᠲᠠᠰᠤᠭ᠂ ᠲᠦᠭᠦᠬᠡᠢ ᠮᠠᠲ᠋ᠧᠷᠢᠶᠠᠯ ᠤᠨ ᠬᠥᠮᠥᠷᠭᠡ᠂ ᠪᠦᠲᠦᠭᠡᠭᠳᠡᠬᠦᠨ ᠢ ᠬᠠᠳᠠᠭᠠᠯᠠᠬᠤ ᠲᠣᠭᠤᠷᠢᠭ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠭᠠᠯ ᠰᠠᠷᠭᠡᠶᠢᠯᠡᠨ ᠤᠨᠲᠠᠷᠠᠭᠠᠬᠤ ᠲᠥᠬᠦᠭᠡᠷᠦᠮᠵᠢ ᠶᠢᠨ ᠲᠤᠬᠢᠷᠠᠭᠤᠯᠤᠯᠳᠠ᠂ ᠢᠳᠡᠭᠡᠨ ᠤ ᠲᠦᠭᠦᠬᠡᠢ ᠮᠠᠲ᠋ᠧᠷᠢᠶᠠᠯ ᠤᠨ ᠡᠬᠢ ᠡᠭᠦᠰᠦᠯ ᠤᠨ ᠡᠬᠡ ᠳᠠᠩᠰᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠠᠷᠢᠨ ᠪᠠᠶᠢᠴᠠᠭᠠᠪᠠ᠃ ᠬᠠᠮᠤᠭ ᠰᠡᠭᠦᠯ ᠳᠤ ᠲᠣᠰᠣ ᠨᠡᠮᠡᠬᠦ ᠥᠷᠲᠡᠭᠡ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠣᠰᠣ ᠨᠡᠮᠡᠬᠦ ᠣᠷᠣᠨ᠂ ᠬᠠᠳᠠᠭᠠᠯᠠᠬᠤ ᠣᠷᠣᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢ ᠨᠠᠷᠢᠨ ᠪᠠᠶᠢᠴᠠᠭᠠᠨ ᠦᠵᠡᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢᠨ ᠲᠡᠮᠳᠡᠭᠯᠡᠯ ᠢ ᠪᠠᠶᠢᠴᠠᠭᠠᠨ ᠦᠵᠡᠵᠦ᠂ ᠲᠣᠰᠣ ᠪᠠᠭᠤᠯᠭᠠᠬᠤ ᠠᠵᠢᠯ ᠤᠨ ᠵᠢᠷᠤᠮᠵᠢᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠴᠢᠭᠯᠡᠭᠦᠯᠦᠨ ᠨᠠᠷᠢᠨ ᠪᠠᠶᠢᠴᠠᠭᠠᠯᠲᠠ ᠬᠢᠪᠠ᠃ ᠲᠣᠰ ᠤᠳᠠᠭᠠᠨ ᠤ ᠪᠠᠶᠢᠴᠠᠭᠠᠯᠲᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠬᠦᠯᠣᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠢ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠬᠤ ᠶᠢᠨ ᠬᠠᠮᠲᠤ ᠲᠡᠳᠡᠨᠣᠰ ᠢ ᠡᠳᠦᠷ ᠲᠤᠲᠤᠮ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠡᠶᠡᠯᠡᠭᠦᠯᠵᠦ᠂ ᠠᠶᠤᠯᠭᠦᠶ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠨ ᠤᠨᠲᠠᠷᠠᠭᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠣ ᠱᠠᠭᠠᠷᠳᠡᠵᠡᠢ᠃     ᠲᠠᠷᠡᠭᠠᠴᠢ ᠪᠠᠷ᠂  ᠲᠢᠶᠠᠨ ‍ᠣᠣᠢ ᠪᠠᠯᠭᠠᠰᠤ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠭᠦᠨᠵᠡᠭᠡᠶ ᠨᠠᠶᠢᠳᠠᠪᠤᠷᠢᠵᠢᠭᠤᠯᠵᠤ᠂ ︽ᠠᠮᠤᠷ ᠲᠦᠪᠰᠢᠨ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ ᠶᠠᠪᠤᠳᠠᠯ ᠮᠥᠨ︾ ᠭᠡᠬᠦ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠠᠷᠢᠶ᠎ᠠ ᠣᠷᠣᠨ ᠤ ᠭᠠᠯ ᠲᠣᠶᠢᠮᠠᠷ ᠢ ᠰᠡᠷᠭᠡᠶᠢᠯᠡᠬᠦ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠥᠷᠨᠢᠭᠦᠯᠵᠦ᠂ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠠᠷᠭ᠎ᠠ ᠵᠠᠮ ᠢᠶᠠᠷ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ᠂ ᠬᠠᠷᠢᠶ᠎ᠠ ᠣᠷᠣᠨ ᠤ ᠣᠯᠠᠨ ᠲᠦᠮᠡᠨ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠶᠢ ᠵᠢᠯᠣᠭᠤᠳᠴᠤ ᠪᠠᠶᠢᠭᠠᠳ ᠭᠠᠯ ᠰᠠᠷᠭᠡᠶᠢᠯᠡᠨ ᠤᠨᠲᠠᠷᠠᠭᠠᠬᠤ ᠤᠬᠠᠮᠰᠠᠷ ᠢ ᠨᠢ ᠴᠢᠩᠭᠠᠳᠬᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠲᠤ ᠪᠠᠷ ᠰᠠᠬᠢᠨ ᠬᠠᠮᠠᠭᠠᠯᠠᠵᠤ᠂  ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号