ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠰᠣᠶᠢᠳᠬᠡᠯ ᠬᠤᠷᠢᠶᠠᠬᠤ ᠥᠬᠡᠶ ᠪᠠᠷ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/3
        ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠲᠤ ᠨᠠᠮ ᠤᠨ ᠬᠠᠶᠢᠷ᠎ᠠ ᠬᠠᠯᠠᠮᠵᠢ ᠶᠢ ᠦᠨᠡᠨ ᠬᠦ ᠬᠦᠷᠲᠡᠭᠡᠬᠦ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠾᠧ ᠪᠢᠨ ᠨᠡᠶᠢᠭᠡᠮ ᠲᠣᠭᠤᠷᠢᠭ ᠲᠣᠮᠳᠡᠳᠣ ᠣᠯᠣᠰ ᠤᠨ ᠰᠢᠦᠳᠠᠨ ᠬᠤᠯᠪᠣᠭ᠎ᠠ ᠲᠠᠢ ᠬᠠᠮᠲᠤᠷᠠᠨ ︽ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠣᠷᠣᠬᠰᠢᠯᠠᠬᠤ︾ ᠪᠠᠷ ᠭᠤᠤᠯ ᠰᠡᠳᠦᠪ ᠪᠣᠯᠭᠠᠭᠰᠠᠨ ᠰᠦᠢᠳᠬᠡᠯ ᠬᠤᠷᠢᠶᠠᠬᠤ ᠥᠬᠡᠶ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠭᠤᠭᠠᠯᠢ ᠠᠷᠠᠳ ᠤᠨ ᠭᠡᠷ ᠤᠨ ᠡᠭᠦᠳᠡᠨ ᠳᠤ ᠬᠦᠷᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠡᠳᠦᠷ ᠲᠤ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠢ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠪᠡ᠃ ᠰᠢᠤᠳᠠᠨ ᠤ ᠠᠵᠢᠯᠲᠠᠳ ᠰᠢᠨᠵᠢᠯᠠᠬᠦ ᠣᠬᠠᠭᠠᠨᠴᠢ ᠪᠠᠶᠢᠴᠠᠭᠠᠨ ᠰᠢᠯᠭᠠᠬᠤ ᠠᠷᠭ᠎ᠠ ᠪᠠᠷ ᠰᠠᠭᠤᠭᠠᠯᠢ ᠠᠷᠠᠳ ᠲᠤ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠬᠦ ᠶᠢᠨ ᠬᠠᠮᠲᠤ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠳᠠᠯ ᠳᠤ  ᠨᠠᠷᠢᠨ ᠬᠢᠨᠠᠮᠠᠭᠠᠢ ᠬᠠᠷᠢᠭᠤᠯᠲᠠ ᠥᠭᠴᠦ᠂ ᠲᠡᠳᠡᠨ ᠢ ᠢᠯᠡᠬᠦᠭᠡᠨ ᠬᠥᠳᠡᠯᠭᠡᠭᠡᠨ ᠬᠢᠵᠦ᠂ ᠢᠳᠡᠭᠡᠨ ᠤᠮᠳᠠᠭᠠᠨ ᠤ ᠲᠡᠩᠴᠡᠭᠦᠷᠢ ᠶᠢ ᠪᠠᠳᠣᠯᠠᠨ᠂ ᠥᠪᠡᠷ ᠤᠨ ᠪᠡᠶ᠎ᠡ ᠶᠢᠨ ᠪᠠᠶᠢᠳᠠᠯ ᠢᠶᠠᠨ ᠨᠠᠩ ᠰᠠᠶᠢᠨ ᠲᠣᠳᠣᠷᠬᠠᠶ ᠣᠶᠢᠯᠠᠭᠠᠬᠤ ᠬᠡᠷᠡᠭᠲᠡᠶ ᠭᠡᠵᠦ ᠰᠠᠨᠠᠭᠤᠯᠵᠡᠢ᠃     ᠲᠣᠰ ᠤᠳᠠᠭᠠᠨ ᠤ ᠠᠵᠢᠯᠯᠠᠭ᠎ᠠ ᠪᠣᠯ ᠨᠡᠶᠢᠭᠡᠮ ᠲᠣᠭᠤᠷᠢᠭ ᠤᠨ ︽ᠨᠠᠮ ᠤᠨ ᠠᠴᠢ ᠳᠤ ᠲᠠᠯᠠᠷᠬᠠᠵᠣ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠣᠶᠢᠯᠡᠳᠣᠯᠭᠡᠵᠢᠬᠦᠯᠥᠭᠰᠠᠨ ᠪᠣᠳᠠᠲᠠᠶ ᠠᠵᠢᠯᠯᠠᠭ᠎ᠠ ᠪᠣᠯᠭᠠᠬᠰᠠᠨ ᠮᠦᠨ᠂ ᠡᠶᠢᠮᠦᠷᠬᠦ ᠠᠵᠢᠯᠯᠠᠭ᠎ᠠ ᠪᠠᠷ ᠳᠠᠮᠵᠢᠭᠤᠯᠤᠨ ᠰᠠᠭᠤᠭᠠᠯᠢ ᠠᠷᠠᠳ ᠲᠤ ᠨᠠᠮ ᠤᠨ ᠬᠠᠶᠢᠷ᠎ᠠ ᠬᠠᠯᠠᠮᠵᠢ ᠶᠢ ᠰᠠᠭᠤᠭᠠᠯᠢ ᠠᠷᠡᠳ ᠲᠤ ᠦᠨᠡᠨ ᠬᠦ ᠬᠦᠷᠲᠡᠭᠡᠭᠰᠡᠨ ᠢᠶᠠᠷ ᠪᠠᠷᠠᠬᠤ ᠥᠬᠡᠶ ᠪᠠᠰᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶᠢᠨ᠎ᠠ᠃ ᠾᠧ ᠪᠢᠨ ᠨᠡᠶᠢᠭᠡᠮ ᠲᠣᠭᠤᠷᠢᠭ ᠦᠷᠭᠦᠯᠵᠢᠯᠡᠨ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠲᠤ ᠪᠣᠳᠠᠲᠠᠢ ᠶᠠᠪᠤᠳᠠᠯ ᠬᠢᠵᠦ ᠥᠭᠴᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠨᠠᠮ ᠤᠨ ᠬᠠᠯᠠᠭᠤᠨ ᠳᠤᠯᠠᠭᠠᠨ ᠢ ᠰᠠᠭᠤᠭᠠᠯᠢ ᠠᠷᠠᠳ ᠨᠢᠭᠡᠪᠦᠷᠢ ᠶᠢᠨ ᠰᠡᠳᠬᠢᠯ ᠳᠤ  ᠬᠦᠷᠳᠡᠭᠡᠭᠰᠠᠨ ᠪᠠᠶᠢᠨ᠎ᠠ᠃
 
ᠢᠷᠡᠯᠲᠡ᠄ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠭᠡᠷᠡᠭ ᠡᠷᠬᠢᠯᠡᠬᠦ ᠭᠠᠵᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号