ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠤᠯᠠᠮᠵᠢᠯᠠᠨ ᠪᠠᠳᠠᠷᠠᠭᠤᠯᠣᠨ᠂ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠶᠢ ᠭᠦᠨᠵᠡᠭᠡᠶ ᠠᠬᠢᠭᠤᠯᠵᠤ᠂ ᠪᠣᠯᠪᠠᠰᠤᠨ | ᠰᠢᠨ᠎ᠡ ᠰᠤᠷᠲᠠᠯ ᠢ ᠪᠣᠶ ᠪᠣᠯᠭᠠᠵᠤ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ᠂ ᠡᠷᠡᠭᠦᠯ ᠰᠠᠷᠠᠭᠤᠯ | ᠪᠣᠯᠪᠠᠰᠤᠨ᠂ ᠠᠮᠤᠷ ᠲᠦᠪᠰᠢᠨ ᠲᠠᠬᠢᠯᠭ᠎ᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 4 | ᠰᠠᠷ᠎ᠠ ᠶᠢᠨ 1 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ᠤᠨ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ︽ᠬᠠᠩᠰᠢ ᠶᠢᠨ ᠡᠳᠦᠷ ᠤᠨ ᠪᠣᠯᠪᠠᠰᠤᠨ | ᠲᠠᠬᠢᠯᠭ᠎ᠠ ᠪᠠ ᠤᠢ ᠰᠢᠭᠤᠢ ᠶᠢᠨ ᠭᠠᠯ ᠲᠣᠶᠢᠮᠠᠷ ᠢ ᠰᠡᠷᠭᠡᠶᠢᠯᠡᠬᠦ︾ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠪᠡ᠃ | ᠤᠬᠠᠭᠤᠯᠭ᠎ᠠ ᠶᠢᠨ ᠠᠵᠢᠯᠯᠠᠭᠠᠨ ᠳᠤ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠤᠨ ᠬᠡᠷ ᠢᠶᠠᠷ | ᠭᠦᠨᠵᠡᠭᠡᠶᠢᠷᠡᠵᠦ᠂ ︽ᠪᠣᠯᠪᠠᠰᠤᠨ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ ᠪᠣᠯᠤᠨ ᠣᠶ ᠰᠢᠭᠤᠶ ᠶᠢᠨ ᠭᠠᠯ | ᠲᠣᠶᠢᠮᠠᠷ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃ ᠰᠠᠭᠤᠭᠠᠯᠢ ᠠᠷᠠᠳ ᠲᠤ | ᠪᠣᠯᠪᠠᠰᠤᠨ ᠲᠠᠬᠢᠯᠭ᠎ᠠ ᠶᠢᠨ ᠰᠠᠶᠢᠨ ᠲᠠᠯ᠎ᠠ ᠪᠠ ᠣᠶ ᠰᠢᠭᠤᠶ ᠶᠢ ᠬᠠᠮᠠᠭᠠᠯᠠᠨ ᠭᠠᠯ ᠲᠣᠶᠢᠮᠠᠷ ᠢ ᠰᠡᠷᠭᠡᠶᠢᠯᠡᠬᠦ ᠶᠢᠨ | ᠴᠢᠬᠤᠯᠠ ᠴᠢᠨᠠᠷ ᠢ ᠲᠠᠶᠢᠯᠪᠤᠷᠢᠯᠠᠨ ᠥᠭᠬᠦ ᠶᠢᠨ ᠬᠠᠮᠲᠤ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ | ᠤᠯᠠᠮᠵᠢᠯᠠᠯᠲᠤ ᠲᠠᠬᠢᠯᠭ᠎ᠠ ᠶᠢᠨ ᠠᠷᠭ᠎ᠠ ᠮᠠᠶ᠋ᠢᠭ ᠠᠴᠠ ᠠᠮᠤᠷ ᠲᠦᠪᠰᠢᠨ ᠤ ᠳᠠᠯᠳᠠ ᠬᠡᠮ ᠪᠠ ᠣᠷᠴᠢᠨ ᠲᠣᠭᠤᠷᠢᠨ ᠤ | ᠪᠣᠬᠢᠷᠲᠤᠯ ᠤᠨ ᠠᠰᠠᠭᠤᠳᠠᠯ ᠡᠬᠦᠰᠬᠦ ᠶᠢ ᠲᠣᠳᠣᠷᠬᠠᠶᠢᠯᠠᠵᠡᠢ᠃ ᠠᠵᠢᠯᠲᠠᠳ ᠪᠣᠯᠤᠨ ᠰᠠᠶᠢᠨ ᠳᠤᠷᠡᠴᠣᠳ ᠰᠠᠭᠤᠭᠠᠯᠢ | ᠠᠷᠠᠳ ᠤᠨ ᠪᠣᠳᠣᠯ ᠪᠣᠯᠤᠨ ᠰᠠᠨᠠᠭᠤᠯᠭ᠎ᠠ ᠶᠢ ᠢᠳᠡᠪᠬᠢᠲᠡᠶ ᠪᠠᠷ ᠰᠣᠨᠣᠰᠴᠤ᠂ ᠲᠡᠳᠡᠨ ᠤ ᠮᠠᠳᠠᠭ ᠲᠠᠢ ᠠᠰᠠᠭᠤᠳᠠᠯ ᠢ | ᠬᠠᠷᠢᠭᠤᠯᠵᠤ᠂ ᠰᠠᠭᠤᠭᠠᠯᠢ ᠠᠷᠠᠳ ᠤᠨ ᠪᠣᠯᠪᠠᠰᠤᠨ ᠢᠶᠠᠷ ᠲᠠᠬᠢᠯᠭ᠎ᠠ ᠬᠢᠬᠦ ᠪᠠ ᠣᠢ ᠰᠢᠭᠤᠶ ᠶᠢ ᠬᠠᠮᠠᠭᠠᠯᠠᠨ ᠭᠠᠯ | ᠲᠣᠶᠢᠮᠠᠷ ᠢ ᠰᠡᠷᠭᠡᠶᠢᠯᠡᠬᠦ ᠠᠵᠢᠯᠯᠠᠭ᠎ᠠ ᠳᠤ ᠬᠠᠮᠲᠤ ᠪᠠᠷ ᠣᠷᠣᠯᠴᠠᠬᠤ ᠶᠢ ᠵᠣᠷᠢᠭᠵᠢᠭᠤᠯᠪᠡ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠢᠳᠡᠪᠬᠢᠲᠡᠶ ᠬᠦᠷᠢᠶᠡᠯᠡᠯ ᠪᠠ ᠳᠡᠮᠵᠢᠯᠭᠡ ᠶᠢ ᠣᠯᠵᠤ᠂ ᠮᠠᠰᠢ ᠣᠯᠠᠨ ᠰᠠᠭᠤᠭᠠᠯᠢ ᠠᠷᠠᠳ ᠣᠶ ᠰᠢᠭᠤᠶ ᠶᠢᠨ ᠭᠠᠯ | ᠲᠣᠶᠢᠮᠠᠷ ᠢ ᠰᠡᠷᠭᠡᠶᠢᠯᠡᠬᠦ ᠲᠣᠭᠲᠠᠭᠠᠯ ᠢ ᠴᠢᠩᠭ᠎ᠠ ᠵᠢᠷᠤᠮᠯᠠᠨ᠂ ᠪᠣᠯᠪᠠᠰᠤᠨ ᠢᠶᠠᠷ ᠲᠠᠬᠢᠯᠭ᠎ᠠ ᠬᠢᠵᠦ᠂ ᠢᠯᠡ ᠭᠠᠯ ᠢ | ᠲᠣᠷ᠎ᠡ ᠪᠠᠷ ᠬᠡᠷᠡᠭᠯᠡᠬᠦ ᠥᠬᠡᠶ᠂ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠳᠤ ᠥᠪᠡᠷ ᠤᠨ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠪᠡ᠃ |