ᠰᠢᠨ ᠴᠧᠩ ᠵᠡᠭᠡᠯᠢ ᠤᠨᠤᠯ ᠰᠣᠷᠣᠯᠴᠠᠬᠤ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/3
     ᠣᠶᠢᠷ᠎ᠠ ᠳᠤ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠣᠨᠣᠯ ᠰᠣᠷᠣᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠡ ᠃ ᠬᠤᠷᠡᠯ ᠲᠡᠭᠡᠷ᠎ᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠲᠦᠷᠢᠮ︾ ᠢ ᠭᠦᠨᠵᠡᠭᠡᠶ ᠰᠤᠷᠤᠯᠴᠠᠪᠠ᠃ ᠵᠡᠭᠡᠯᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠠᠪᠤᠨ ᠠᠯᠪᠠᠨ ᠬᠡᠷ ᠨᠢᠭᠡ ᠲᠥᠪ ᠵᠢᠴᠢ ᠬᠤᠶᠠᠷ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ︽ᠲᠦᠷᠢᠮ︾ ᠤᠨ ᠠᠭᠤᠯᠭ᠎ᠠ ᠳᠤ ᠪᠥᠬᠦ ᠲᠠᠯ᠎ᠠ ᠶᠢᠨ ᠭᠦᠨᠵᠡᠭᠡᠶ ᠲᠠᠶᠢᠯᠤᠮᠵᠢ ᠬᠢᠵᠦ᠂ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠵᠣᠬᠢᠶᠠᠨ ᠪᠠᠶᠢᠭᠤᠯᠤᠯᠲᠠ ᠪᠠ ᠡᠭᠦᠷᠭᠡ ᠬᠠᠷᠢᠭᠤᠴᠠᠯᠭ᠎ᠠ᠂ ᠰᠤᠷᠤᠯᠴᠠᠬᠤ ᠠᠭᠤᠯᠭ᠎ᠠ᠂ ᠰᠤᠷᠤᠯᠴᠠᠯᠭ᠎ᠠ ᠶᠢᠨ ᠬᠠᠮᠢᠶᠠᠷᠤᠯᠲᠠ ᠵᠢᠴᠢ ᠬᠢᠨᠠᠨ ᠰᠢᠯᠭᠠᠯᠲᠠ ᠵᠡᠷᠭᠡ ᠲᠠᠯ᠎ᠠ ᠶᠢᠨ ᠲᠣᠭᠤᠷᠢᠨ ᠳᠤ ᠨᠠᠷᠢᠨ ᠨᠢᠮᠪᠠᠶ ᠰᠤᠷᠤᠯᠴᠠᠯᠭ᠎ᠠ ᠥᠷᠨᠢᠭᠦᠯᠪᠡ᠃ ︽ᠲᠦᠷᠢᠮ︾ ᠨᠢ ᠣᠨᠣᠯ ᠰᠣᠷᠣᠯᠴᠠᠬᠤ ᠭᠤᠤᠯ ᠳᠤᠭᠤᠶᠢᠯᠠᠩ ᠤᠨ ᠲᠣᠳᠣᠭᠠᠳᠣ ᠳᠠᠬᠢ ᠰᠤᠷᠤᠯᠴᠠᠬᠤ ᠲᠤᠬᠠᠶ ᠲᠤᠰᠬᠠᠶ ᠬᠠᠤᠯᠢ ᠲᠣᠭᠲᠠᠭᠠᠯ ᠪᠣᠯᠤᠭᠰᠠᠨ ᠤ ᠬᠤᠪᠢ ᠳᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠦᠨᠳᠦᠰᠦ ᠪᠠᠷᠢᠮᠳᠡ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠨᠣᠯ ᠤᠨ ᠰᠢᠰᠲ᠋ᠧᠮ ᠢ ᠭᠦᠨᠵᠡᠭᠡᠶ ᠰᠤᠷᠤᠯᠴᠠᠬᠤ ᠶᠢᠨ ᠲᠡᠷᠢᠭᠦᠨ ᠴᠢᠬᠤᠯᠠ ᠡᠭᠦᠷᠭᠡ ᠪᠣᠯᠵᠤ᠂ ᠣᠨᠣᠯ ᠢᠶᠠᠷ ᠵᠡᠪᠰᠡᠭᠯᠡᠬᠦ ᠠᠵᠢᠯ ᠢ ᠭᠦᠨᠵᠡᠭᠡᠶ ᠥᠷᠨᠢᠬᠦᠯᠬᠦ ᠳᠤ ᠠᠬᠢᠭᠤᠯᠬᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠲᠣᠳᠣᠷᠬᠠᠶᠢᠯᠠᠵᠡᠢ᠃    ᠬᠤᠷᠠᠯ ᠠᠴᠠ᠂ ᠬᠤᠷᠠᠯ ᠳᠤ ᠣᠷᠣᠯᠴᠠᠭᠰᠠᠳ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠲᠦᠷᠢᠮ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠤᠷᠤᠯᠴᠠᠯᠭ᠎ᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠲᠦᠷᠢᠮ︾ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ ᠂ ᠣᠨᠣᠯ ᠤᠨ ᠰᠤᠷᠤᠯᠴᠠᠯᠭ᠎ᠠ ᠶᠢ ᠤᠯᠤᠰ ᠲᠥᠷᠥ ᠶᠢᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠭᠠᠵᠤ᠂ ᠰᠤᠷᠤᠯᠴᠠᠯᠭ᠎ᠠ ᠶᠢᠨ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠬᠤᠶᠠᠷ ᠲᠤ᠂ ᠰᠤᠷᠤᠯᠴᠠᠯᠭ᠎ᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠰᠤᠷᠤᠯᠴᠠᠬᠤ ᠳᠦᠷᠢᠮ ᠢ ᠴᠢᠩᠭ᠎ᠠ ᠬᠡᠷᠡᠭᠵᠢᠭᠦᠯᠣᠨ᠂ ᠰᠤᠷᠤᠯᠴᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠤᠷᠤᠯᠴᠠᠬᠤ ᠬᠡᠯᠪᠡᠷᠢ ᠶᠢ ᠪᠠᠶᠠᠯᠢᠭᠵᠢᠭᠤᠯᠣᠨ᠂ ᠰᠤᠷᠤᠯᠴᠠᠬᠤ ᠴᠠᠭ ᠪᠠ ᠶᠠᠰᠤ ᠴᠢᠨᠠᠷ ᠢ ᠪᠠᠲᠤᠯᠠᠵᠤ᠂ ᠰᠤᠷᠤᠯᠴᠠᠬᠤ ᠠᠵᠢᠯᠯᠠᠭ᠎ᠠ ᠶᠢᠨ ᠡᠮᠬᠢ ᠵᠢᠷᠤᠮ ᠲᠠᠢ ᠥᠷᠨᠢᠬᠦᠯᠬᠦ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠰᠣᠷᠣᠭᠰᠠᠨ ᠢᠶᠠᠨ ᠬᠡᠷᠡᠭᠯᠡᠬᠦ ᠶᠢ ᠪᠠᠷᠢᠮᠲᠠᠯᠠᠨ᠂ ᠵᠡᠭᠡᠯᠢ ᠶᠢᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠣᠨᠣᠯ ᠤᠨ ᠰᠤᠷᠤᠯᠴᠠᠯᠭ᠎ᠠ ᠶᠢ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠵᠡᠭᠡᠯᠢ ᠶᠢᠨ ᠬᠥᠭᠵᠢᠯᠲᠡ ᠶᠢ ᠠᠬᠢᠭᠤᠯᠬᠤ ᠪᠡ ᠰᠠᠭᠤᠭᠠᠯᠢ ᠠᠷᠠᠳ ᠣᠯᠠᠨ ᠲᠦᠮᠡᠨ ᠳᠤ ᠣᠶᠢᠯᠡᠴᠢᠯᠡᠬᠦ ᠪᠣᠳᠠᠲᠠᠶ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠵᠡᠭᠡᠯᠢ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠭᠡᠵᠣ ᠴᠢᠬᠤᠯᠠᠴᠢᠯᠡᠪᠡ᠃    ᠲᠣᠰ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠨᠢ ᠵᠡᠭᠡᠯᠢ ᠶᠢᠨ ᠤᠳᠤᠷᠢᠳᠬᠤ ᠺᠠᠳ᠋ᠷ ᠠᠵᠢᠯᠲᠠᠨ ᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠬᠤ ᠲᠦᠷᠢᠮ︾ ᠤᠨ ᠲᠤᠬᠠᠶ ᠨᠠᠩ ᠲᠣᠳᠣᠷᠬᠠᠶ ᠲᠠᠨᠢᠯᠲᠠ ᠪᠠ ᠣᠶᠢᠯᠠᠭᠠᠯᠲᠠ ᠲᠠᠢ ᠪᠣᠯᠵᠤ᠂ ᠵᠡᠭᠡᠯᠢ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠨ ᠂ ᠵᠡᠭᠡᠯᠢ ᠶᠢᠨ ᠡᠯ᠎ᠡ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠣᠨᠣᠯ ᠤᠨ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢᠳᠣ ᠰᠢᠨ ᠴᠸᠡᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号