ᠰᠢᠨ ᠴᠧᠩ ᠵᠡᠭᠡᠯᠢ ᠬᠠᠩᠰᠢ ᠶᠢᠨ ᠡᠳᠦᠷ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/3
   ᠬᠠᠩᠰᠢ ᠶᠢᠨ ᠡᠳᠦᠷ ᠣᠶᠢᠷᠠᠳᠴᠣ ᠢᠷᠡᠬᠦ ᠶᠢ ᠳᠠᠭᠠᠯᠳᠤᠨ᠂ ᠣᠶ ᠰᠢᠭᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠷᠡᠰᠢᠶᠠᠨ ᠬᠤᠳᠡ ᠶᠢᠨ ᠰᠢᠨ ᠴᠧᠩ ᠵᠡᠭᠡᠯᠢ 4 ᠰᠠᠷ᠎ᠠ ᠶᠢᠨ 1 ᠤ ᠡᠳᠦᠷ ᠬᠠᠩᠰᠢ ᠶᠢᠨ ᠡᠳᠦᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢᠨ ᠴᠢᠬᠤᠯᠠ ᠴᠢᠨᠠᠷ ᠪᠡ ᠬᠤᠯᠪᠣᠭᠳᠠᠯ ᠪᠦᠬᠦᠢ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ᠂ ᠣᠯᠠᠨ ᠨᠡᠶᠢᠲᠡ ᠶᠢᠨ ᠳ᠋ᠤᠭᠠᠷ᠂ ᠰᠠᠭᠤᠭᠠᠯᠢ ᠠᠷᠠᠳ ᠤᠨ ᠪᠦᠯᠬᠦᠮ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠣᠯᠠᠨ ᠵᠦᠢᠯ ᠤᠨ ᠤᠬᠠᠭᠤᠯᠭ᠎ᠠ ᠶᠢᠨ ᠠᠷᠭ᠎ᠠ ᠵᠠᠮ ᠢ ᠭᠦᠢᠴᠡᠳ ᠠᠰᠢᠭᠯᠠᠵᠤ᠂ ᠠᠮᠤᠷ ᠲᠦᠪᠰᠢᠨ ᠪᠣᠬᠢᠷᠲᠤᠯ ᠥᠬᠡᠶ ᠲᠠᠬᠢᠯᠭ᠎ᠠ ᠪᠠ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠶᠢ ᠨᠢᠭᠲᠠ ᠤᠶᠠᠯᠳᠤᠭᠤᠯᠣᠨ᠂ ᠪᠣᠯᠪᠠᠰᠤᠨ ᠲᠠᠬᠢᠯᠭ᠎ᠠ ᠶᠢᠨ ᠣᠶᠢᠯᠠᠭᠠᠭᠳᠠᠬᠤᠨ ᠢ ᠥᠷᠭᠡᠨ ᠢᠶᠠᠷ ᠤᠯᠠᠮᠵᠢᠯᠠᠨ ᠲᠠᠷᠬᠠᠭᠠᠵᠣ᠂ ᠰᠣᠷᠭᠤᠭ ᠴᠡᠴᠡᠭ ᠤᠨ ᠲᠠᠬᠢᠯᠭ᠎ᠠ᠂ ᠰᠦᠯᠵᠢᠶᠡᠨ ᠳᠠᠬᠢ ᠲᠠᠬᠢᠯᠭ᠎ᠠ ᠵᠡᠷᠭᠡ ᠪᠣᠬᠢᠷᠲᠤᠯ ᠥᠬᠡᠶ ᠠᠷᠭ᠎ᠠ ᠮᠠᠶ᠋ᠢᠭ ᠢᠶᠠᠷ ᠡᠪᠦᠭᠡ ᠲᠡᠭᠡᠳᠣᠰ ᠢᠶᠠᠨ ᠳᠤᠷᠠᠰᠤᠨ ᠰᠠᠨᠠᠭᠠᠯᠵᠠᠬᠤ ᠶᠢ ᠢᠳᠡᠪᠬᠢᠲᠡᠶ ᠰᠠᠨᠠᠭᠠᠴᠢᠯᠠᠵᠤ᠂ ᠢᠯᠡ ᠭᠠᠯ᠂ ᠲᠠᠮᠠᠬᠢ ᠲᠠᠲᠠᠬᠤ ᠂ ᠬᠦᠵᠢ ᠵᠤᠯᠠ ᠠᠰᠠᠭᠠᠬᠤ᠂ ᠴᠠᠭᠠᠰᠤᠨ ᠵᠣᠭᠤᠰ ᠰᠢᠲᠠᠭᠠᠬᠤ ᠵᠡᠷᠭᠡ ᠠᠮᠤᠷ ᠲᠦᠪᠰᠢᠨ ᠤ ᠳᠠᠯᠳᠠ ᠬᠡᠮ ᠲᠠᠢ ᠮᠥᠷᠲᠡᠭᠡᠨ ᠣᠷᠴᠢᠨ ᠲᠣᠭᠤᠷᠢᠨ ᠢ ᠪᠣᠬᠢᠷᠲᠤᠭᠤᠯᠬᠤ ᠤᠯᠠᠮᠵᠢᠯᠠᠯᠲᠤ ᠲᠠᠬᠢᠯᠭ᠎ᠠ ᠶᠢᠨ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠭᠡᠷᠡᠭᠳᠡᠢ᠃ ᠨᠡᠶᠢᠭᠡᠮ ᠲᠣᠭᠤᠷᠢᠭ ᠤᠨ ᠬᠢᠨ ᠲᠣᠭᠤᠷᠢᠨ ᠪᠠᠶᠢᠴᠠᠭᠠᠬᠤ ᠠᠵᠢᠯ  ᠢᠶᠠᠨ ᠴᠢᠩᠭᠠᠳᠬᠠᠵᠣ᠂ ᠡᠷᠬᠡᠪᠰᠢ ᠠᠮᠤᠷ ᠲᠦᠪᠰᠢᠨ ᠤ ᠬᠥᠪᠴᠢ ᠶᠢ ᠴᠠᠭ ᠢᠮᠠᠭᠲᠠ ᠴᠢᠩᠭᠠᠯᠠᠨ᠂ ᠵᠡᠭᠡᠯᠢ ᠶᠢᠨ ᠵᠠᠬ᠎ᠠ᠂ ᠵᠠᠮ ᠤᠨ ᠠᠭᠤᠯᠵᠠᠷ᠂ ᠬᠤᠳᠠᠯᠳᠤᠭ᠋ᠴᠢᠨ ᠡᠷᠦᠬᠡ ᠵᠡᠷᠭᠡ ᠭᠤᠣᠯᠳᠠᠯᠭ᠎ᠠ ᠲᠠᠢ ᠲᠠᠯᠠᠪᠤᠷ ᠢ ᠲᠣᠭᠤᠷᠢᠨ ᠪᠠᠶᠢᠴᠠᠭᠠᠬᠤ ᠪᠠ ᠬᠠᠮᠠᠭᠠᠯᠠᠬᠤ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠰᠢᠲᠠᠮᠠᠬᠠᠶ ᠪᠣᠳᠠᠰ ᠢ ᠴᠠᠭ ᠲᠤᠬᠠᠶ ᠳᠤᠨᠢ ᠴᠡᠪᠡᠷᠯᠡᠵᠦ᠂ ᠠᠮᠤᠷ ᠲᠦᠪᠰᠢᠨ ᠤ ᠠᠶᠤᠯ ᠡᠭᠦᠰᠭᠦ ᠶᠢ ᠦᠨᠡᠨ ᠬᠦ ᠬᠤᠷᠢᠬᠯᠡᠨ᠂ ᠠᠮᠤᠷ ᠲᠦᠪᠰᠢᠨ᠂ ᠪᠣᠬᠢᠷᠲᠤᠯ ᠥᠬᠡᠶ ᠪᠠᠷ ᠭᠠᠩᠰᠢ ᠶᠢᠨ ᠡᠳᠣᠷ ᠢ ᠥᠩᠭᠡᠷᠡᠭᠦᠯᠬᠦ ᠬᠠᠷᠠᠯᠲᠠ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠵᠣ ᠱᠠᠭᠠᠷᠳᠠᠵᠡᠢ᠃    ᠬᠤᠷᠠᠯ ᠠᠴᠠ᠂ ᠥᠷᠭᠡᠨ ᠣᠯᠠᠨ ᠰᠠᠭᠤᠭᠠᠯᠢ ᠠᠷᠠᠳ ᠢ ᠤᠯᠠᠮ ᠨᠢᠭᠡ ᠠᠯᠬᠤᠮ ᠳᠠᠶᠢᠴᠢᠯᠠᠨ ᠵᠢᠯᠣᠭᠤᠳᠴᠤ ᠠᠮᠤᠷ ᠲᠦᠪᠰᠢᠨ᠂ ᠪᠣᠬᠢᠷᠲᠤᠯ ᠥᠬᠡᠶ᠂ ᠪᠣᠯᠪᠠᠰᠤᠨ ᠲᠠᠬᠢᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠣᠨ᠂ ᠡᠶ᠎ᠡ ᠵᠣᠬᠢᠴᠠᠩᠭᠤᠶ᠂ ᠪᠣᠯᠪᠠᠰᠤᠨ ᠰᠠᠶᠢᠬᠠᠨ᠂ ᠠᠮᠤᠷ ᠲᠦᠪᠰᠢᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠬᠤ ᠭᠡᠷᠡᠭᠳᠡᠢ ᠭᠡᠵᠣ ᠴᠢᠬᠤᠯᠠᠴᠢᠯᠡᠵᠡᠢ᠃
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢᠳᠣ ᠰᠢᠨ ᠴᠸᠡᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号