ᠢᠷᠪᠢᠰ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠠᠷᠡᠳ ᠤᠨ ᠠᠮᠢᠳᠣᠷᠡᠯ ᠤᠨ ᠬᠠᠯᠠᠮᠰᠢᠯ ᠠᠰᠠᠭᠤᠳᠡᠯ ᠳᠤ ᠠᠩᠬᠠᠷᠣᠯ ᠢᠶᠠᠨ ᠲᠦᠪᠯᠡᠷᠡᠬᠦᠯᠵᠤ ᠪᠠᠶᠢᠭ᠎ᠠ ᠲᠣᠬᠠᠢ ᠰᠣᠷᠪᠣᠯᠵᠢᠯᠠᠭ᠎ᠠ
ᠨᠡᠶᠢᠲᠡᠯᠡᠭᠰᠡᠨ ᠴᠠᠭ᠄
2025/4/3
    3 ᠰᠠᠷ᠎ᠠ ᠶᠢᠨ 31 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ 2025 ᠣᠨ ᠤ ᠨᠢᠭᠡᠳᠦᠭᠡᠷ ᠤᠯᠠᠷᠢᠯ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠨᠢ ᠳᠥᠷᠪᠡᠨ ᠵᠥᠪᠯᠡᠬᠦ ᠵᠦᠢᠯᠡᠰ ᠢ ᠬᠠᠮᠤᠷᠴᠤ᠂ ᠪᠦᠬᠦ ᠵᠢᠯ ᠤᠨ ᠠᠵᠢᠯ ᠤᠨ ᠴᠢᠭᠯᠡᠯ ᠢ ᠲᠣᠭᠲᠠᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠣ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠪᠠ᠃    ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ ᠠᠵᠢᠯ ᠤᠨ ᠴᠢᠭᠯᠡᠯ ᠢᠶᠠᠨ ᠲᠣᠳᠣᠷᠬᠠᠶᠢᠯᠠᠪᠠ    ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠣᠳᠡᠭᠠᠨ ᠤ ᠬᠤᠷᠠᠯ ᠤᠨ ᠵᠣᠷᠢᠭ ᠰᠠᠨᠠᠭ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠠᠶᠢᠮᠠᠭ ᠤᠨ ︽ᠵᠢᠷᠭᠤᠭᠠᠨ ᠠᠵᠢᠯᠯᠠᠭ᠎ᠠ︾ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠪᠠ᠃ ᠬᠤᠷᠠᠯ ᠠᠴᠠ᠂ ᠪᠦᠬᠦ ᠲᠥᠯᠥᠭᠡᠯᠡᠭᠴᠢᠳ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠲᠡᠭᠦᠨ ᠢ ᠪᠣᠳᠠᠲᠠᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠡᠭᠦᠨ ᠤ ᠬᠠᠮᠲᠤ ᠪᠠᠰᠠ ᠷᠠᠰᠢᠶᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2025 ᠣᠨ ᠤ ᠠᠵᠢᠯ ᠤᠨ ᠭᠤᠣᠯᠳᠠᠯᠭ᠎ᠠ᠂ ᠷᠠᠰᠢᠶᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠠᠷᠭ᠎ᠠ ᠶᠢ ᠤᠯᠠᠮᠵᠢᠯᠠᠨ ᠰᠤᠷᠤᠯᠴᠠᠪᠠ᠃ ᠲᠣᠰ ᠵᠢᠯ ᠤᠨ ᠠᠵᠢᠯ ᠤᠨ ᠭᠤᠤᠯᠳᠠᠯᠭ᠎ᠠ ᠪᠠ ᠴᠢᠭᠯᠡᠯ ᠢ ᠲᠣᠳᠣᠷᠬᠠᠶᠢᠯᠠᠵᠤ᠂ ᠲᠥᠯᠥᠭᠡᠯᠡᠭᠴᠢᠳ ᠤᠨ ᠦᠷᠭᠦᠯᠵᠢ ᠣᠯᠠᠨ ᠲᠦᠮᠡᠨ ᠤ ᠳᠤᠮᠳᠠ ᠭᠦᠨᠵᠡᠭᠡᠶᠢᠷᠡᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠵᠣᠷᠢᠭᠵᠢᠭᠤᠯᠵᠤ᠂ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢ ᠴᠢᠬᠤᠯᠠᠴᠢᠯᠡᠪᠡ᠃ ᠨᠡᠪᠲᠡᠷᠡᠯᠴᠡᠬᠦ ᠭᠦᠭᠦᠷᠭᠡ ᠬᠤᠯᠪᠣᠭᠠᠰᠣ ᠪᠠᠶᠢᠭᠤᠯᠵᠤ ᠣᠯᠠᠨ ᠲᠦᠮᠡᠨ ᠲᠠᠢ ᠨᠢᠭᠲᠠ ᠬᠠᠷᠢᠯᠴᠠᠵᠡᠢ    ᠠᠷᠠᠳ ᠤᠨ ᠠᠮᠢᠳᠤᠷᠠᠯ ᠢ ᠨᠠᠩ ᠰᠠᠶᠢᠨ ᠣᠶᠢᠯᠠᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠰᠣᠩᠭᠤᠭᠤᠯᠢ ᠶᠢᠨ ᠠᠷᠠᠳ ᠤᠨ ᠨᠡᠪᠲᠡᠷᠡᠯᠴᠡᠭᠡ ᠶᠢ ᠴᠢᠩᠭᠠᠳᠬᠠᠬᠤ ᠶᠢᠨ ᠲᠥᠯᠥᠭᠡ᠂ ᠬᠤᠷᠠᠯ ᠠᠴᠠ ᠢᠷᠪᠢᠰ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠠᠭᠤᠭᠠᠯᠢ ᠠᠷᠠᠳ ᠤᠨ ᠲᠣᠭᠤᠷᠢᠭ ᠲᠠᠢ ᠬᠠᠷᠢᠯᠴᠠᠬᠤ ᠠᠵᠢᠯ ᠤᠨ ᠳᠤᠭᠤᠶᠢᠯᠠᠩ ᠪᠠᠶᠢᠭᠤᠯᠬᠤ ᠪᠠᠷ ᠲᠣᠬᠳᠡᠪᠡ᠃ ᠲᠥᠯᠥᠭᠡᠯᠡᠭᠴᠢᠳ ᠤᠨ ᠰᠠᠭᠤᠭᠠᠯᠢ ᠠᠷᠠᠳ ᠤᠨ ᠲᠣᠭᠤᠷᠢᠭ ᠢᠶᠠᠷ ᠭᠦᠨᠵᠡᠭᠡᠶᠢᠷᠡᠨ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠣᠩᠭᠤᠭᠤᠯᠢ ᠶᠢᠨ ᠠᠷᠠᠳ ᠤᠨ ᠰᠠᠨᠠᠯ ᠪᠠ ᠰᠠᠨᠠᠭᠤᠯᠭ᠎ᠠ ᠶᠢ ᠴᠤᠭᠯᠠᠭᠤᠯᠵᠤ᠂ ᠴᠠᠭ ᠲᠤᠬᠠᠶ ᠳᠤᠨᠢ ᠳ᠋ᠦᠩᠨᠡᠨ ᠴᠠᠭ ᠲᠤᠬᠠᠶ ᠳᠤᠨᠢ ᠬᠠᠷᠢᠭᠤ ᠲᠤᠰᠬᠠᠵᠤ᠂ ᠴᠢᠨᠠᠷ ᠰᠠᠶᠢᠲᠠᠶ ᠰᠠᠨᠠᠯ ᠰᠠᠨᠠᠭᠤᠯᠭ᠎ᠠ ᠶᠢ ᠲᠣᠷᠡᠳᠴᠣ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠪᠣᠯᠭᠠᠨ᠂ ᠠᠷᠠᠳ ᠤᠨ ᠲᠥᠯᠥᠭᠡᠯᠡᠭᠴᠢᠳ ᠤᠨ ᠠᠷᠠᠳ ᠲᠦᠮᠡᠨ ᠤ ᠲᠥᠯᠥᠭᠡ ᠵᠢᠳᠬᠦᠬᠦ ᠪᠣᠳᠠᠲᠠᠶ ᠦᠢᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠶ ᠭᠡᠵᠦ ᠱᠠᠭᠠᠷᠳᠠᠪᠠ᠃    ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ  ᠠᠩᠬᠠᠷᠴᠣ ᠠᠵᠢᠯ ᠤᠨ ᠦᠷ᠎ᠡ ᠪᠦᠲᠦᠮᠵᠢ ᠪᠠᠨ ᠲᠡᠭᠡᠭᠰᠢᠯᠠᠬᠦᠯᠵᠡᠢ    ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠴᠢᠭᠯᠡᠭᠦᠯᠦᠨ ᠲᠥᠯᠥᠭᠡᠯᠡᠭᠴᠢᠳ ᠲᠤ ᠨᠠᠷᠢᠨ ᠨᠢᠭᠲᠠ ᠮᠡᠳᠡᠭᠳᠡᠪᠡ᠃ ︽ᠤᠭ ᠰᠠᠨᠠᠭ᠎ᠠ︾ ᠶᠢᠨ ᠨᠠᠮ ᠤᠨ ᠪᠠᠶᠢᠭᠤᠯᠤᠯᠲᠠ ᠶᠢᠨ ᠤᠷᠲᠤ ᠬᠤᠩᠭᠢᠯ ᠤᠨ ᠲᠥᠷᠥᠯ ᠵᠦᠢᠯ ᠢ ᠪᠠᠶᠢᠭᠤᠯᠤᠭᠰᠠᠨ ᠨᠢ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠣ᠂ ᠨᠠᠰᠤᠲᠠᠶᠢᠴᠤᠳ ᠤᠨ ᠠᠵᠢᠯᠯᠠᠭᠠᠨ ᠤ ᠲᠠᠯᠠᠪᠤᠷ ᠤᠨ ᠲᠥᠷᠥᠯ ᠵᠦᠢᠯ ᠢ ᠨᠡᠮᠡᠭᠳᠡᠭᠦᠯᠵᠦ᠂ ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠵᠤᠭ᠎ᠠ ᠴᠡᠩᠭᠡᠯ ᠤᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠪᠠ︔ ᠬᠡᠤᠬᠡᠳ ᠤᠨ ᠭᠡᠷ ᠪᠦᠯᠢ ᠶᠢᠨ ᠠᠵᠢᠯᠯᠠᠭ᠎ᠠ ᠶᠢᠨ ᠲᠥᠷᠥᠯ ᠵᠦᠢᠯ ᠢ ᠪᠠᠶᠠᠯᠢᠭᠵᠢᠭᠤᠯᠣᠨ᠂ ᠬᠡᠤᠬᠡᠳ ᠤᠳ ᠲᠤ ᠨᠠᠩ ᠪᠠᠶᠠᠯᠢᠭ ᠰᠠᠶᠢᠬᠠᠨ ᠬᠢᠴᠢᠶᠡᠯ ᠤᠨ ᠭᠠᠳᠠᠨᠠᠬᠢ ᠠᠮᠢᠳᠤᠷᠠᠯ ᠢ ᠡᠭᠦᠳᠦᠨ ᠥᠭᠴᠦ᠂ ᠬᠡᠤᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠪᠡ᠃ ᠡᠳᠡᠭᠡᠷ ᠵᠦᠢᠯᠡᠰ ᠢ ᠤᠷᠤᠭᠰᠢᠲᠠᠶ ᠪᠡᠶᠡᠯᠡᠭᠦᠯᠦᠭᠰᠡᠨ ᠨᠢ ᠲᠥᠯᠥᠭᠡᠯᠡᠭᠴᠢᠳ ᠤᠨ ᠭᠦᠢᠴᠡᠳ ᠨᠤᠲᠠᠯᠠᠯᠲᠠ ᠶᠢ ᠣᠯᠤᠭᠰᠠᠨ ᠪᠠᠶᠢᠨ᠎ᠠ᠃    ᠥᠷᠭᠡᠨ ᠳᠡᠯᠭᠡᠷ ᠰᠠᠨᠠᠯ ᠰᠠᠨᠠᠭᠤᠯᠭ᠎ᠠ ᠶᠢ ᠴᠤᠭᠯᠠᠭᠤᠯᠵᠤ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠪᠡ   ᠬᠠᠮᠤᠭ ᠡᠴᠦᠰ ᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠤᠨ ᠲᠣᠭᠤᠷᠢᠨ ᠳᠤ ᠭᠦᠨᠵᠡᠭᠡᠶ ᠶᠠᠷᠢᠯᠴᠠᠨ ᠰᠣᠳᠣᠯᠪᠡ᠃ ᠲᠥᠯᠥᠭᠡᠯᠡᠭᠴᠢᠳ ᠠᠯᠢ ᠣᠯᠠᠨ ᠠᠰᠠᠭᠤᠳᠠᠯ ᠢ ᠬᠠᠷᠢᠭᠤ ᠲᠤᠰᠬᠠᠪᠠ᠄ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠠᠰᠠᠭᠤᠳᠠᠯ ᠳᠤ ᠴᠢᠭᠯᠡᠭᠦᠯᠦᠨ᠂ ᠲᠥᠯᠥᠭᠡᠯᠡᠭᠴᠢ ᠠᠴᠠ ᠠᠳᠠᠯ ᠠᠬᠤᠶ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠭᠤᠯᠭ᠎ᠠ ᠳᠤᠷᠠᠳᠪᠠ︔ ᠳᠤᠯᠠᠭᠠᠯᠠᠭ᠎ᠠ ᠶᠢᠨ ᠠᠰᠠᠭᠤᠳᠠᠯ ᠳᠤ ᠴᠢᠭᠯᠡᠭᠦᠯᠦᠨ᠂ ᠲᠥᠯᠥᠭᠡᠯᠡᠭᠴᠢᠳ ᠤᠨ ᠰᠠᠨᠠᠭᠤᠯᠭ᠎ᠠ ᠨᠢ ᠳᠤᠯᠠᠭᠠᠯᠭ᠎ᠠ ᠶᠢᠨ ᠲᠥᠬᠦᠭᠡᠷᠦᠮᠵᠢ ᠶᠢ ᠰᠢᠯᠢᠳᠡᠭᠵᠢᠭᠦᠯᠬᠦ ᠵᠢᠴᠢ ᠳᠤᠯᠠᠭᠠᠯᠠᠭ᠎ᠠ ᠶᠢᠨ ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠬᠦ ᠲᠤᠬᠠᠶ ᠰᠠᠨᠠᠭᠤᠯᠭ᠎ᠠ ᠳᠤᠷᠠᠳᠪᠠ︔ ᠭᠠᠭᠴᠠᠭᠠᠷ ᠰᠠᠭᠤᠭ᠎ᠠ ᠨᠠᠰᠤᠲᠠᠶᠢᠴᠤᠳ ᠤᠨ ᠠᠰᠠᠭᠤᠳᠠᠯ ᠳᠤ ᠴᠢᠭᠯᠡᠭᠦᠯᠦᠨ᠂ ᠬᠠᠯᠠᠮᠵᠢᠯᠠᠨ ᠬᠠᠶᠢᠷᠠᠯᠠᠬᠤ ᠲᠣᠭᠲᠠᠴᠠ ᠶᠢ ᠪᠠᠶᠢᠭᠤᠯᠵᠤ᠂ ᠬᠠᠷᠢᠶ᠎ᠠ ᠣᠷᠣᠨ ᠤ ᠳᠣᠲᠣᠷ᠎ᠠ ᠭᠠᠭᠴᠠᠭᠠᠷ ᠰᠠᠭᠤᠭ᠎ᠠ ᠨᠠᠰᠤᠲᠠᠶᠢᠴᠤᠳ ᠲᠤ ᠥᠪᠡᠷᠮᠢᠴᠡ ᠦᠢᠯᠡᠴᠢᠯᠡᠭᠡ ᠬᠠᠩᠭᠠᠬᠤ ᠶᠢ ᠰᠠᠨᠠᠭᠤᠯᠪᠠ᠃ ᠬᠠᠷᠢᠶ᠎ᠠ ᠣᠷᠣᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠰᠠᠭᠤᠳᠠᠯ ᠳᠤ ᠴᠢᠭᠯᠡᠭᠦᠯᠦᠨ᠂ ᠰᠠᠭᠤᠭᠠᠯᠢ ᠲᠣᠭᠤᠷᠢᠭ ᠤᠨ ᠬᠢᠨᠠᠨ ᠡᠵᠡᠮᠳᠡᠬᠦ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠰᠠᠨᠠᠭᠤᠯᠪᠠ︔ ᠬᠠᠷᠢᠶ᠎ᠠ ᠣᠷᠣᠨ ᠤ ᠰᠥᠨᠢ ᠶᠢᠨ ᠭᠡᠷᠡᠯᠲᠦᠭᠦᠯᠭᠡ ᠶᠢᠨ ᠠᠰᠠᠭᠤᠳᠠᠯ ᠳᠤ ᠴᠢᠭᠯᠡᠭᠦᠯᠦᠨ᠂ ᠵᠠᠮ ᠤᠨ ᠳ᠋ᠧᠩ ᠨᠡᠮᠡᠵᠦ᠂ ᠰᠠᠭᠤᠭᠠᠯᠢ ᠠᠷᠠᠳ ᠤᠨ ᠰᠥᠨᠢ ᠪᠠᠷ ᠭᠠᠳᠠᠭᠰᠢ ᠭᠠᠷᠬᠤ ᠳᠤ ᠲᠥᠬᠦᠮ ᠦᠵᠡᠭᠦᠯᠬᠦ ᠵᠡᠷᠭᠡ ᠰᠠᠨᠠᠯ ᠢ ᠡᠮᠬᠢᠯᠡᠨ ᠬᠤᠷᠢᠶᠠᠩᠭᠤᠶᠢᠯᠠᠵᠤ᠂ ᠳᠠᠷᠠᠭᠠᠴᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠣᠨ᠂ ᠤᠯᠠᠨ ᠵᠦᠢᠯ ᠤᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠥᠷᠨᠢᠭᠦᠯᠵᠦ᠂ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠣ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠠ᠃    ᠲᠣᠰ ᠤᠳᠠᠭᠠᠨ ᠤ ᠬᠤᠷᠠᠯ ᠢ ᠬᠤᠷᠠᠯᠳᠤᠭᠰᠠᠨ ᠨᠢ ᠢᠷᠪᠢᠰ ᠵᠡᠭᠡᠯᠢ ᠶᠢᠨ 2025 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠠᠲᠤ ᠪᠠᠬᠢ ᠠᠵᠢᠯ ᠤᠨ ᠰᠠᠭᠤᠷᠢ ᠶᠢ ᠲᠠᠯᠪᠢᠵᠤ ᠥᠭᠴᠡᠶ᠃ ᠳᠠᠷᠠᠭᠠᠴᠢ ᠶᠢᠨ ᠠᠯᠬᠤᠮ ᠳᠤ᠂ ᠵᠡᠭᠡᠯᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠦᠷᠭᠦᠯᠵᠢᠯᠡᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠠᠷᠢᠮᠲᠠᠯᠠᠵᠤ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠣᠩᠭᠤᠭᠤᠯᠢ ᠶᠢᠨ ᠠᠷᠠᠳ ᠲᠠᠢ ᠨᠢᠭᠲᠠ ᠬᠠᠷᠢᠯᠴᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠳᠤ ᠦᠢᠯᠡᠴᠢᠯᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号