ᠲᠢᠶᠠᠨ ᡂᠢ ᠪᠠᠯᠭᠠᠰᠤ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠵᠡᠢ
ᠨᠡᠶᠢᠲᠡᠯᠡᠭᠰᠡᠨ ᠴᠠᠭ᠄
2025/4/3
    ᠬᠠᠷᠢᠶ᠎ᠠ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠢ ᠦᠨᠡᠨ ᠬᠦ ᠪᠠᠲᠤᠯᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠣᠶᠢᠮᠠᠷ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 4 ᠰᠠᠷ᠎ᠠ ᠶᠢᠨ 1 ᠤ ᠡᠳᠦᠷ᠂ ᠷᠡᠰᠢᠶᠠᠨ ᠬᠤᠳᠡ  ᠶᠢᠨ ᠲᠢᠶᠠᠨ ᡂᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠾᠦᠸᠧ ᠮᠢᠩ ᠰᠢᠤᠸᠠᠨ ᠪᠦᠯᠬᠦᠮ ᠳᠠᠭᠠᠭᠤᠯᠤᠨ ᠷᠠᠰᠢᠶᠠᠨ ᠤ ᠰᠧᠨ ᠭᠥᠩ ᠪᠦᠯᠦᠭᠯᠡᠯ ᠤᠨ ᠬᠢᠯᠢ ᠶᠢᠨ ᠡᠵᠡᠩᠨᠡᠯᠲᠡ ᠶᠢ ᠬᠠᠮᠢᠶᠠᠷᠤᠨ ᠬᠠᠮᠠᠭᠠᠯᠠᠬᠤ ᠲᠥᠪ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠨ ᠴᠧᠩ ᠵᠡᠭᠡᠯᠢ ᠶᠢᠨ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ᠲᠤᠰᠬᠠᠶ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠴᠢᠬᠤᠯᠠ ᠣᠶ ᠰᠢᠭᠤᠶ ᠶᠢᠨ ᠶᠠᠪᠤᠳᠠᠯ ᠤᠨ ᠪᠠᠶᠢᠴᠠᠭᠠᠬᠤ ᠥᠷᠲᠡᠭᠡ᠂ ᠭᠤᠤᠯᠳᠠᠯᠭ᠎ᠠ ᠲᠠᠢ ᠣᠶᠢᠯᠡᠳᠪᠦᠷᠢᠯᠡᠯ ᠡᠵᠡᠩᠨᠡᠯᠲᠡ ᠶᠢᠨ ᠪᠠᠶᠢᠭᠤᠯᠭ᠎ᠠ ᠨᠢᠭᠡᠴᠢ᠂ ᠴᠢᠬᠤᠯᠠ ᠲᠥᠷᠥᠯ ᠵᠣᠶᠢᠯ ᠤᠨ ᠪᠠᠷᠢᠯᠭ᠎ᠠ ᠶᠢᠨ ᠭᠠᠵᠠᠷ  ᠢᠶᠠᠷ ᠭᠦᠨᠵᠡᠭᠡᠶᠢᠷᠡᠨ ᠭᠠᠯ ᠰᠠᠷᠭᠡᠶᠢᠯᠡᠨ ᠤᠨᠲᠠᠷᠠᠭᠠᠬᠤ᠂ ᠠᠶᠤᠯᠭᠦᠶ ᠣᠶᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠷᠡᠳ ᠣᠯᠡᠨ ᠤ ᠠᠮᠤᠷ ᠲᠦᠪᠰᠢᠨ ᠤ ᠤᠷᠢᠳᠴᠢᠯᠠᠨ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
1.jpg
4.jpg
  
5.jpg
6.jpg
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号