ᠲᠠᠪᠤᠨ ᠰᠠᠷ᠎ᠠ ᠶᠢᠨ ᠨᠢᠭᠡᠨ ᠤ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ | ᠰᠠᠶᠢᠲᠤᠷ ᠬᠢᠵᠦ᠂ ᠡᠯ᠎ᠡ ᠲᠦᠷᠦᠯ ᠤᠨ ᠠᠮᠤᠷ ᠲᠦᠪᠰᠢᠨ ᠤ ᠡ᠊ᠨᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ | ᠬᠤᠷᠢᠭᠯᠠᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠣ᠂ ᠠᠮᠤᠷ | ᠲᠦᠪᠰᠢᠨ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 4 | ᠰᠠᠷ᠎ᠠ ᠶᠢᠨ 29 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠱᠧᠨᠴᠢᠤᠸᠠᠨ ᠨᠡᠶᠢᠭᠡᠮ | ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ︽ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ ᠠᠮᠤᠷ ᠲᠦᠪᠰᠢᠨ ᠲᠠᠪᠤᠨ ᠰᠠᠷ᠎ᠠ ᠶᠢᠨ ᠨᠢᠭᠡᠨ ᠢ ᠪᠠᠶᠠᠷᠯᠠᠨ ᠤᠭᠲᠤᠶ᠎ᠠ︾ | ᠭᠡᠬᠦ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠢ ᠠᠵᠢᠯᠯᠠᠭ᠎ᠠ | ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠬᠠᠷᠢᠶ᠎ᠠ ᠣᠷᠣᠨ ᠤ ᠬᠤᠳᠠᠯᠳᠤᠭᠠᠴᠢᠨ ᠡᠷᠦᠬᠡ ᠪᠠ | ᠰᠠᠭᠤᠭᠠᠯᠢ ᠠᠷᠠᠳ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠤᠯᠠᠮ ᠨᠢᠭᠡ ᠠᠯᠬᠤᠮ | ᠴᠢᠩᠭᠠᠷᠠᠭᠤᠯᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠪᠠ᠃ ᠳᠠᠷᠠᠭᠠᠴᠢ ᠶᠢᠨ ᠠᠯᠬᠤᠮ ᠳᠤ᠂ ᠱᠧᠨᠴᠢᠤᠸᠠᠨ | ᠨᠡᠶᠢᠭᠡᠮ ᠲᠣᠭᠤᠷᠢᠭ ᠤᠨ ᠬᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠪᠠᠶᠢᠴᠠᠭᠠᠯᠲᠠ ᠪᠣᠯᠤᠨ ᠤᠬᠠᠭᠤᠯᠭ᠎ᠠ ᠶᠢᠨ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠰᠠᠭᠤᠭᠠᠯᠢ ᠠᠷᠠᠳ ᠲᠤ ᠠᠮᠤᠷ ᠲᠦᠪᠰᠢᠨ ᠲᠣᠭᠲᠠᠭᠤᠨ ᠠᠮᠢᠳᠤᠷᠠᠯ ᠤᠨ | ᠣᠷᠴᠢᠨ ᠲᠣᠭᠤᠷᠢᠨ ᠢ ᠡᠭᠦᠳᠴᠦ᠂ ᠤᠯᠠᠨ ᠢ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ ᠲᠠᠪᠤᠨ ᠰᠠᠷ᠎ᠠ ᠶᠢᠨ | ᠨᠢᠭᠡᠨ ᠤ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠣᠨᠠ᠃ | |