ᠲᠢᠶᠠᠨ ᡂᠢ ᠪᠠᠯᠭᠠᠰᠤ ᠵᠠᠯᠠᠭᠤ ᠺᠠᠳ᠋ᠷᠴᠤᠳ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/30
    ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠯᠠᠭᠤ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠶᠢ ᠴᠢᠩᠭᠠᠳᠬᠠᠨ᠂ ᠵᠠᠯᠠᠭᠤ ᠺᠠᠳ᠋ᠷᠴᠤᠳ ᠤᠨ ᠤᠯᠤᠰ ᠲᠥᠷᠥ ᠶᠢᠨ ᠬᠡᠪ ᠪᠣᠯᠪᠠᠰᠤᠷᠠᠯ ᠪᠠ ᠰᠠᠬᠢᠯᠭ᠎ᠠ ᠪᠠᠲᠤ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 29 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠵᠠᠯᠠᠭᠤ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠡᠯᠳᠣᠭᠤᠯᠵᠣ᠂ ᠪᠥᠬᠦ ᠪᠠᠯᠭᠠᠰᠤᠨ ᠤ ᠵᠠᠯᠠᠭᠤ ᠺᠠᠳ᠋ᠷᠴᠤᠳ ᠬᠤᠷᠠᠯ ᠳᠤ ᠣᠷᠣᠯᠴᠠᠵᠠᠶ᠃    ᠬᠤᠷᠠᠯ ᠠᠴᠠ᠂ ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠪᠣᠯᠤᠨ ᠮᠥᠨ ᠴᠢᠨᠠᠷ ᠢ ᠭᠦᠨᠵᠡᠭᠡᠶ ᠣᠶᠢᠯᠠᠭᠠᠵᠤ᠂ ᠲᠥᠪᠯᠡᠷᠡᠭᠦᠯᠦᠨ ᠰᠤᠷᠤᠯᠴᠠᠬᠤ᠂ ᠥᠪᠡᠷ ᠢᠶᠠᠨ ᠰᠤᠷᠤᠯᠴᠠᠬᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠡᠯ᠎ᠡ ᠲᠥᠷᠥᠯ ᠤᠨ ᠰᠤᠷᠤᠯᠴᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠰᠣᠩᠭᠤᠳᠠᠭ ᠵᠣᠬᠢᠶᠠᠯ ᠪᠦᠲᠦᠭᠡᠯ᠂ ᠴᠢᠬᠤᠯᠠ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ ᠰᠣᠷᠣᠯᠴᠠᠵᠣ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢ ᠪᠢᠰᠢᠷᠡᠨ ᠬᠦᠨᠳᠣᠳᠭᠡᠬᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠭᠡᠷᠡᠭᠳᠡᠢ᠃ ᠬᠤᠶᠠᠷ ᠲᠤ᠂ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠶ ᠥᠷᠨᠢᠭᠦᠯᠵᠦ᠂ ᠠᠵᠢᠯ ᠤᠨ ᠰᠤᠷᠲᠠᠯ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ᠂ ᠣᠯᠠᠨ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠭᠤᠤᠯᠳᠠᠯᠭ᠎ᠠ ᠲᠠᠢ ᠡᠷᠢᠵᠦ᠂ ᠵᠥᠪ ᠢᠶᠠᠷ ᠬᠠᠨᠳᠤᠵᠤ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠤᠨ ᠰᠢᠨᠵᠢᠯᠡᠵᠦ᠂ ᠲᠣᠰ ᠪᠡᠶ᠎ᠡ ᠶᠢᠨ ᠶᠡᠷᠦᠩᠬᠡᠶᠢᠯᠡᠭᠰᠡᠨ ᠬᠡᠪ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ᠂ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠡᠳᠦᠷ ᠲᠤᠳᠤᠮ ᠤᠨ ᠬᠢᠨᠠᠯᠲᠠ ᠶᠢ ᠴᠢᠩᠭᠠᠳᠬᠠᠵᠤ᠂ ᠦᠵᠡᠯ ᠰᠠᠨᠠᠭᠠᠨ ᠤ ᠬᠡᠯᠪᠡᠯᠵᠡᠯ ᠪᠠᠶᠢᠪᠠᠯ ᠴᠠᠭ ᠲᠤᠬᠠᠶ ᠳᠤᠨᠢ ᠣᠳᠣᠷᠢᠳᠣᠯᠭ᠎ᠠ ᠲᠠᠢ ᠪᠠᠨ ᠨᠡᠪᠲᠡᠷᠡᠯᠴᠡᠵᠦ᠂ ᠥᠪᠡᠷ ᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠴᠢᠩᠭ᠎ᠠ ᠬᠢᠵᠠᠭᠠᠷᠯᠠᠵᠤ᠂ ᠰᠡᠳᠬᠢᠯ ᠳᠡᠭᠡᠨ ᠵᠢᠷᠦᠬᠡᠰᠢᠶᠡᠯ ᠲᠠᠢ᠂ ᠬᠡᠯᠡᠯᠭᠡ ᠳᠤ ᠪᠠᠨ ᠴᠡᠭᠡᠷ ᠲᠠᠢ᠂ ᠠᠵᠢᠯᠯᠠᠭ᠎ᠠ ᠳᠤ ᠪᠠᠨ ᠬᠤᠷᠢᠭ᠎ᠠ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠶ ᠭᠡᠵᠣ ᠴᠢᠬᠤᠯᠠᠴᠢᠯᠡᠪᠡ᠃    ᠲᠣᠰ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠨᠢ ᠲᠢᠶᠠᠨ ᡂᠢ ᠪᠠᠯᠭᠠᠰᠤᠨ ᠤ ᠵᠠᠯᠠᠭᠤ ᠺᠠᠳ᠋ᠷᠴᠤᠳ ᠲᠤ ᠰᠠᠬᠢᠯᠭ᠎ᠠ ᠪᠠᠲᠤ ᠶᠢᠨ ᠰᠡᠷᠡᠮᠵᠢ ᠶᠢᠨ ᠳᠣᠬᠢᠶ᠎ᠠ ᠥᠭᠴᠦ᠂ ᠴᠢᠷᠮᠠᠶᠢᠬᠤ ᠴᠢᠭᠯᠡᠯ ᠢ ᠲᠣᠳᠣᠷᠬᠠᠶᠢᠯᠠᠪᠠ᠃ ᠵᠠᠯᠠᠭᠤ ᠺᠠᠳ᠋ᠷᠴᠤᠳ᠂ ᠲᠤᠰ ᠤᠳᠠᠭ᠎ᠠ ᠶᠢᠨ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠲᠢᠶᠠᠨ ᡂᠢ ᠪᠠᠯᠭᠠᠰᠤᠨ ᠤ ᠬᠥᠭᠵᠢᠯᠲᠡ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠲᠠᠲᠠᠬᠤ ᠬᠦᠴᠦᠨ ᠲᠠᠢ ᠲᠢᠶᠠᠨ ᡂᠢ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号