4 ᠰᠠᠷ᠎ᠠ ᠶᠢᠨ 29 ᠤ ᠡᠳᠦᠷ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ | ᠳᠤᠭᠤᠶᠢᠯᠠᠩ 2025 ᠣᠨ ᠤ 5 ᠳ᠋ᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠡᠯᠳᠣᠭᠤᠯᠪᠡ᠃ ᠬᠤᠷᠡᠯ | ᠲᠡᠭᠡᠷ᠎ᠡ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ | ᠨᠠᠮ ᠤᠨ ᠬᠤᠷᠢᠶᠠᠨ ᠤ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠭᠰᠠᠨ ᠪᠥᠭᠡᠳ ︽ᠲᠥᠪ ᠤᠨ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠢ | ᠰᠢᠰᠲ᠋ᠧᠮ ᠲᠠᠢ ᠳ᠋ᠦᠩᠨᠡᠵᠦ ᠣᠯᠣᠭᠰᠠᠨ ᠢᠯᠡᠳᠲᠡ ᠦᠷ᠎ᠡ ᠪᠦᠲᠦᠮᠵᠢ︾ ᠶᠢᠨ ᠲᠣᠭᠤᠷᠢᠨ ᠳᠤ ᠰᠤᠳᠤᠯᠤᠨ | ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ | ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠲᠠ ᠶᠢᠨ ᠤᠳᠤᠷᠢᠳᠤᠯᠭ᠎ᠠ ᠡᠷᠬᠢᠮᠲᠦ᠂ | ᠵᠠᠩ ᡁᠢ ᠵᠢᠶᠦ᠋ᠨ᠂ ᠴᠢ ᠰᠢᠤᠸᠠᠢ ᠳ᠋ᠦᠩ᠂ ᠵᠠᠩ ᠨᠠ᠂ ᠯᠢᠦ ᡁᠢ ᠴᠢᠶᠠᠩ ᠲᠤᠬᠠᠶ ᠶᠢᠨ ᠲᠠᠯᠠᠪᠤᠷ ᠲᠤ ᠰᠠᠨᠠᠯ ᠢᠶᠠᠨ | ᠰᠣᠯᠢᠯᠴᠠᠬᠤ ᠶᠠᠷᠢᠶ᠎ᠠ ᠲᠠᠯᠪᠢᠪᠠ᠃ | ᠬᠤᠷᠠᠯ ᠠᠴᠠ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠢᠰᠲ᠋ᠧᠮ ᠲᠠᠢ | ᠰᠤᠳᠤᠯᠤᠨ ᠤᠩᠰᠢᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ | ᠳᠠᠷᠠᠭᠠᠯᠠᠨ ᠰᠤᠳᠤᠯᠵᠤ᠂ ᠲᠠᠰᠤᠷᠠᠯᠳᠠ ᠦᠭᠡᠢ ᠨᠠᠷᠢᠨ ᠨᠢᠮᠪᠡᠢ ᠭᠦᠨᠵᠡᠭᠡᠢ ᠰᠤᠷᠤᠯᠴᠠᠬᠤ ᠬᠡᠷᠡᠭᠲᠡᠢ᠃ ᠠᠵᠢᠯ ᠤᠨ | ᠪᠣᠳᠠᠲᠠᠢ ᠲᠠᠢ ᠪᠠᠨ ᠤᠶᠠᠯᠳᠤᠭᠤᠯᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ | ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ | ᠭᠦᠨᠵᠡᠭᠡᠢ ᠡᠷᠢᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠬᠤ ᠬᠡᠷᠡᠭᠲᠡᠢ᠃ ᠪᠣᠳᠠᠲᠠᠢ | ᠦᠢᠯᠡᠳᠦᠯᠭᠡᠵᠢᠭᠦᠯᠣᠨ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠣᠨ᠂ ᠲᠦᠷᠢᠮ ᠤᠨ | ᠳᠤᠲᠠᠭᠤᠳᠠᠯ ᠢ ᠨᠥᠬᠦᠪᠥᠷᠢᠯᠡᠵᠦ᠂ ᠰᠤᠷᠲᠠᠯ ᠤᠨ ᠪᠠᠶᠢᠭᠤᠯᠤᠯᠲᠠ ᠶᠢᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ | ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠤᠷᠲᠠᠯ ᠤᠨ | ᠪᠠᠲᠤᠯᠠᠭ᠎ᠠ ᠬᠠᠩᠭᠠᠬᠤ ᠬᠡᠷᠡᠭᠲᠡᠢ ᠭᠡᠵᠣ ᠴᠢᠬᠤᠯᠠᠴᠢᠯᠡᠪᠡ᠃ | |