4 ᠰᠠᠷ᠎ᠠ ᠶᠢᠨ 4 ᠤ ᠡᠳᠦᠷ ᠠᠴᠠ 6 ᠤ ᠡᠳᠦᠷ ᠪᠣᠯᠲᠠᠯ᠎ᠠ᠂ ᠷᠡᠰᠢᠶᠠᠨ ᠬᠤᠳᠡ ᠶᠢᠨ ᠲᠠᠷᠤᠭ᠎ᠠ ᠡᠷᠬᠢᠮᠳᠣ | ᠮᠢᠩ ᠱᠦᠶ ᠾᠧ ᠪᠠᠯᠭᠠᠰᠤ᠂ ᠡᠤ ᠴᠠ ᠭᠸᠦ ᠪᠠᠯᠭᠠᠰᠤ᠂ ᠪᠠᠶ ᠯᠠᠩ ᠪᠠᠯᠭᠠᠰᠤ᠂ ᠲᠢᠶᠠᠨ ᡂᠢ ᠪᠠᠯᠭᠠᠰᠣ ᠪᠠᠷ | ᠭᠦᠨᠵᠡᠭᠡᠶᠢᠷᠡᠨ ︽ᠳᠥᠷᠪᠡ ᠥᠬᠡᠶ ᠬᠤᠶᠠᠷ ᠰᠢᠭᠤᠳ︾ ᠬᠡᠯᠪᠡᠷᠢ ᠪᠠᠷ ᠣᠶ ᠰᠢᠭᠤᠶ ᠨᠤᠲᠤᠭ ᠪᠡᠯᠴᠢᠭᠡᠷ ᠤᠨ ᠭᠠᠯ | ᠲᠣᠶᠢᠮᠡᠷ ᠢ ᠰᠡᠷᠭᠡᠶᠢᠯᠡᠨ ᠤᠨᠲᠠᠷᠠᠭᠠᠬᠤ᠂ ᠠᠶᠤᠯᠭᠦᠶ ᠦᠢᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠪᠠ᠃ ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠯᠪᠣᠭᠳᠠᠯ | ᠪᠦᠬᠦᠢ ᠬᠠᠷᠢᠭᠤᠴᠠᠯᠭᠠᠲᠠᠨ ᠨᠥᠬᠦᠳ ᠪᠠᠶᠢᠴᠠᠭᠠᠯᠲᠠ ᠳᠤ ᠣᠷᠣᠯᠴᠠᠪᠠ᠃ | ︽ᠬᠠᠷᠡᠭᠤᠯ ᠤᠨ ᠭᠠᠵᠡᠷ ᠲᠤ ᠬᠡᠳᠦᠶ ᠬᠥᠮᠦᠨ ᠲᠣᠬᠢᠷᠠᠭᠤᠯᠣᠬᠰᠠᠨ ᠪᠣᠢ︖ ᠣᠯᠠᠨ ᠲᠦᠮᠡᠨ ᠬᠠᠮᠵᠢᠯᠴᠠᠨ | ᠠᠵᠢᠯᠯᠠᠬᠤ ᠳᠤ ᠬᠦᠴᠢᠷᠳᠡᠯᠳᠡᠢ ᠲᠠᠯ᠎ᠠ ᠪᠠᠶᠢᠨ᠎ᠠ ᠤᠤ︖︾ ᠭᠡᠬᠦ ᠮᠠᠳᠣ ᠪᠠᠷ ᠡᠯ᠎ᠡ ᠭᠠᠯ ᠢ ᠰᠡᠷᠭᠡᠶᠢᠯᠡᠬᠦ | ᠬᠠᠷᠠᠭᠤᠯ ᠤᠨ ᠭᠠᠵᠠᠷ ᠲᠤ᠂ ᠡᠷᠬᠢᠮᠲᠤ᠂ ᠬᠦᠮᠣᠰ ᠤᠨ ᠠᠭᠤᠯᠠᠨ ᠳᠤ ᠣᠷᠣᠵᠣ ᠭᠠᠷᠬᠤ ᠳᠡᠩᠰᠡᠯᠡᠯᠲᠡ ᠶᠢᠨ ᠡᠬᠡ | ᠲᠠᠩᠰᠠ ᠶᠢ ᠨᠠᠷᠢᠨ ᠪᠠᠶᠢᠴᠠᠭᠠᠨ ᠦᠵᠡᠭᠰᠡᠨ ᠪᠥᠭᠡᠳ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ᠂ ᠨᠠᠰᠢ ᠴᠠᠰᠢ | ᠥᠩᠭᠡᠷᠡᠬᠦ ᠲᠡᠷᠭᠡ ᠬᠥᠰᠬᠡ ᠶᠢᠨ ᠬᠥᠮᠦᠰ ᠢ ᠪᠠᠶᠢᠴᠠᠭᠠᠬᠤ ᠪᠠ ᠤᠬᠠᠭᠤᠯᠭ᠎ᠠ ᠬᠥᠮᠦᠵᠢᠯ ᠵᠡᠷᠭᠡ ᠠᠵᠢᠯ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠨᠢᠮᠪᠡᠢ ᠠᠰᠠᠭᠤᠨ ᠯᠠᠪᠯᠠᠵᠠᠶ᠃ ᠲᠡᠷᠡ᠂ ᠤᠯᠠᠨ ᠢ ︽ᠭᠠᠯ ᠤᠨ ᠠᠶᠣᠯ | ᠢ ᠰᠡᠷᠭᠡᠶᠢᠯᠡᠬᠦ ᠨᠢ ᠭᠠᠯ ᠤᠨ ᠠᠶᠣᠯ ᠠᠴᠠ ᠠᠪᠤᠷᠬᠠᠤ ᠠᠴᠠ ᠴᠢᠬᠤᠯᠡ︾ ᠣᠶᠢᠯᠠᠭᠠᠭᠳᠠᠬᠤᠨ ᠢ ᠪᠠᠲᠤ ᠪᠠᠬᠢ ᠪᠤᠢ | ᠪᠣᠯᠭᠠᠵᠤ᠂ ᠵᠠᠩᠭᠢᠯᠠᠭ᠎ᠠ ᠶᠢᠨ ᠴᠡᠭ ᠪᠣᠯᠤᠨ ᠭᠤᠣᠯᠳᠠᠯᠭ᠎ᠠ ᠲᠠᠢ ᠣᠷᠣᠨ ᠪᠦᠰᠡ ᠶᠢ ᠴᠢᠩᠭ᠎ᠠ ᠠᠩᠬᠠᠷᠴᠤ᠂ ᠭᠠᠯ ᠤᠨ | ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ︽ᠨᠢᠭᠡᠳᠦᠭᠡᠷ ᠪᠣᠭᠤᠮᠲᠠ︾ ᠶᠢ ᠡᠷᠡᠰ ᠰᠠᠶᠢᠲᠤᠷ ᠡᠵᠡᠮᠳᠡᠵᠦ᠂ | ᠠᠭᠤᠯᠠ ᠶᠢ ᠰᠠᠶᠢᠳᠣᠷ ᠰᠠᠬᠢᠨ ᠬᠠᠮᠠᠭᠠᠯᠠᠵᠣ᠂ ᠬᠥᠮᠦᠨ ᠢ ᠰᠠᠶᠢᠲᠤᠷ ᠰᠠᠬᠢᠵᠤ᠂ ᠭᠠᠯ ᠢ ᠰᠠᠶᠢᠲᠤᠷ ᠬᠠᠮᠢᠶᠠᠷᠬᠤ | ᠬᠡᠷᠡᠭᠲᠡᠢ ᠭᠡᠵᠦ ᠵᠠᠬᠢᠪᠠ᠃ | ᠬᠤᠸᠠ ᠷᠦᠨ ᠬᠦᠰᠡᠯᠡᠩᠳᠣ ᠵᠢᠵᠢᠭ ᠪᠠᠯᠭᠠᠰᠤᠨ ᠳᠤ᠂ ᠡᠷᠬᠢᠮᠳᠣ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠨᠠᠷᠢᠨ ᠣᠶᠢᠯᠠᠭᠠᠵᠤ᠂ ᠠᠵᠤ | ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠣᠨ᠂ ᠡᠳᠦᠷ | ᠳᠤᠳᠤᠮ ᠤᠨ ᠠᠮᠤᠷ ᠲᠦᠪᠰᠢᠨ ᠤ ᠬᠠᠮᠢᠶᠠᠷᠤᠯᠲᠠ ᠶᠢ ᠨᠠᠷᠢᠨ ᠪᠣᠳᠠᠲᠠᠢ ᠠᠳᠬᠤᠵᠤ᠂ ᠪᠠᠷᠢᠯᠭ᠎ᠠ ᠶᠢᠨ ᠶᠠᠰᠤ ᠴᠢᠨᠠᠷ | ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠤᠯᠤᠰ ᠤᠨ ᠣᠶ ᠰᠢᠭᠤᠶ ᠶᠢᠨ ᠴᠡᠴᠡᠷᠯᠢᠭ ᠲᠤ᠂ ᠡᠷᠬᠢᠮᠳᠣ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ | ᠦᠵᠡᠮᠵᠢ ᠶᠢᠨ ᠣᠷᠣᠨ ᠤ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ᠂ ᠲᠥᠬᠦᠭᠡᠷᠦᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠵᠡᠷᠭᠡ ᠭᠤᠤᠯᠳᠠᠯᠭ᠎ᠠ ᠲᠠᠢ | ᠠᠵᠢᠯ ᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠬᠠᠷᠢᠭᠤᠴᠠᠯᠭ᠎ᠠ | ᠡᠭᠦᠷᠭᠡᠯᠡᠯ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠦᠵᠡᠮᠵᠢ ᠶᠢᠨ ᠣᠷᠣᠨ ᠤ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠤᠨ | ᠦᠨᠳᠦᠰᠦ ᠰᠤᠷᠪᠤᠯᠵᠢ ᠶᠢ ᠭᠦᠨᠵᠡᠭᠡᠢ ᠠᠭᠤᠳᠠᠯᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠬᠦ ᠬᠡᠷᠡᠭᠲᠡᠢ᠃ | ᠡᠭᠦᠨ ᠤ ᠬᠠᠮᠲᠤ᠂ ᠵᠢᠭᠤᠯᠴᠢᠯᠠᠬᠴᠢᠳ ᠤᠨ ᠬᠠᠨᠤᠮᠵᠢ ᠶᠢᠨ ᠬᠡᠮᠵᠢᠶ᠎ᠡ ᠪᠠᠷ ᠤᠳᠤᠷᠢᠳᠤᠮᠵᠢ ᠪᠣᠯᠭᠠᠵᠤ᠂ ᠦᠵᠡᠮᠵᠢ ᠶᠢᠨ | ᠣᠷᠣᠨ ᠤ ᠦᠢᠯᠡᠴᠢᠯᠡᠭᠡᠨ ᠤ ᠠᠵᠢᠯᠳᠠᠨ ᠤ ᠪᠣᠯᠪᠠᠰᠤᠷᠠᠯ ᠢ ᠴᠢᠩᠭᠠᠳᠬᠠᠵᠤ᠂ ᠲᠥᠬᠦᠭᠡᠷᠦᠮᠵᠢ ᠶᠢᠨ ᠠᠵᠢᠯᠯᠠᠭᠠᠨ ᠤ | ᠬᠠᠮᠠᠭᠠᠯᠠᠯᠲᠠ ᠶᠢᠨ ᠬᠠᠮᠢᠶᠠᠷᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠦᠵᠡᠮᠵᠢ ᠶᠢᠨ ᠣᠷᠣᠨ ᠤ ᠠᠮᠢ ᠠᠬᠤᠢ | ᠣᠷᠴᠢᠨ ᠲᠣᠭᠤᠷᠢᠨ ᠤ ᠶᠠᠰᠤ ᠴᠢᠨᠠᠷ ᠢ ᠦᠨᠳᠦᠰᠦᠨ ᠠᠴᠠ ᠨᠢ ᠪᠦᠬᠦ ᠲᠠᠯ᠎ᠠ ᠪᠠᠷ᠂ ᠭᠦᠨ ᠳᠠᠪᠬᠤᠷᠭ᠎ᠠ ᠠᠴᠠ | ᠳᠡᠭᠡᠭᠰᠢᠯᠡᠭᠦᠯᠵᠦ᠂ ᠵᠢᠭᠤᠯᠴᠢᠯᠠᠬᠴᠢᠳ ᠤᠨ ᠵᠤᠭᠠᠴᠠᠨ ᠨᠠᠭᠠᠳᠬᠤ ᠶᠢ ᠪᠡᠶᠡᠴᠢᠯᠡᠨ ᠣᠶᠢᠯᠠᠭᠠᠬᠤ ᠶᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠵᠢᠭᠤᠯᠴᠢᠯᠠᠯ ᠤᠨ ᠬᠥᠭᠵᠢᠶᠡᠨᠲᠡᠢ ᠤᠯᠠᠷᠢᠯ ᠬᠦᠷᠴᠦ ᠢᠷᠡᠬᠦ ᠳᠤ ᠭᠦᠢᠴᠡᠳ ᠪᠡᠯᠡᠳᠬᠡᠯ ᠬᠢᠬᠦ | ᠬᠡᠷᠡᠭᠲᠡᠢ ᠭᠡᠵᠣ ᠴᠢᠬᠤᠯᠠᠴᠢᠯᠡᠪᠡ᠃ | ᠪᠠᠶᠢᠴᠠᠭᠠᠯᠳᠡ ᠶᠢᠨ ᠶᠠᠪᠤᠴᠠ ᠳᠤ᠂ ᠪᠠᠰᠠ ᠬᠠᠪᠤᠷ ᠤᠨ ᠤᠯᠠᠷᠢᠯ ᠤᠨ ᠦᠶᠡᠷ ᠢ ᠰᠡᠷᠭᠡᠶᠢᠯᠡᠬᠦ᠂ ᠲᠡᠤᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠢᠶᠠᠷ ᠠᠰᠢᠬᠯᠠᠬᠤ | ᠵᠡᠷᠭᠡ ᠠᠵᠢᠯ ᠤᠨ ᠲᠣᠭᠤᠷᠢᠨ ᠳᠤ ᠪᠣᠳᠠᠲᠠᠶ ᠪᠠᠶᠢᠷᠢᠯᠠᠭᠤᠯᠤᠯᠲᠠ ᠬᠢᠵᠡᠶ᠃ | |