ᠰᠢᠨ ᠴᠧᠩ ᠵᠡᠭᠡᠯᠢ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/8
      4 ᠰᠠᠷ᠎ᠠ ᠶᠢᠨ 7 ᠤ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠬᠢᠨ 2025 ᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠢ ᠬᠤᠷᠠᠯᠳᠤᠭᠤᠯᠪᠡ᠃ ᠬᠤᠷᠠᠯ ᠠᠴᠠ ᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠥᠪᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠭᠤᠤᠯ ᠠᠵᠢᠯ ᠢ ᠳ᠋ᠦᠩᠨᠡᠭᠰᠡᠨ ᠪᠥᠭᠡᠳ 2025 ᠣᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠠ᠃     ᠬᠤᠷᠠᠯ ᠳᠤ᠂ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠡᠵᠡᠮᠰᠢᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠨᠠᠮ ᠤᠨ ᠦᠨᠳᠦᠰᠦᠲᠡᠨ ᠤ ᠤᠨᠤᠯ ᠪᠣᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ ᠬᠤᠶᠠᠷ ᠲᠤ᠂ ᠶᠡᠷᠦᠩᠬᠡᠢ ᠱᠦᠵᠢ ᠰᠢ ᠶᠢᠨ ᠫᠢᠩ ᠤᠨ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ ᠳᠤᠮᠳᠠ ︽ᠭᠡᠷ ᠤᠨ ᠰᠤᠷᠲᠠᠯ ᠭᠡᠷ ᠤᠨ ᠰᠤᠷᠭᠠᠯ︾ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ᠂ ᠨᠡᠶᠢᠭᠡᠮ ᠨᠡᠶᠢᠲᠡ ᠶᠢᠨ ᠶᠣᠰᠣ ᠰᠤᠷᠲᠠᠬᠤᠨ᠂ ᠲᠤᠬᠠᠶᠢᠯᠠᠭᠰᠠᠨ ᠠᠵᠢᠯ ᠤᠨ ᠶᠣᠰᠣ ᠰᠤᠷᠲᠠᠬᠤᠨ ᠤ ᠬᠥᠮᠦᠵᠢᠯ ᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠭᠤᠷᠪᠠ ᠳᠤ᠂ ᠵᠠᠯᠠᠭᠤᠴᠤᠳ ᠪᠠᠭᠠᠴᠤᠳ ᠤᠨ ᠳᠤᠮᠳᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠡᠨ ᠠᠷᠪᠢᠨ ᠠᠵᠢᠯᠯᠠᠭ᠎ᠠ ᠥᠷᠨᠢᠭᠦᠯᠵᠦ᠂ ᠵᠠᠯᠠᠭᠤᠴᠤᠳ ᠪᠠᠭᠠᠴᠤᠳ ᠢ ᠬᠠᠪᠰᠤᠷᠤᠨ ᠬᠠᠤᠯᠢ ᠪᠠᠷ ᠵᠠᠰᠠᠬᠤ ᠦᠵᠡᠯᠲᠡ ᠲᠠᠢ ᠪᠣᠯᠭᠠᠵᠤ᠂ ᠬᠠᠤᠯᠢ ᠴᠠᠭᠠᠵᠠ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠵᠦ᠂ ᠵᠠᠯᠠᠭᠤᠴᠤᠳ ᠪᠠᠭᠠᠴᠤᠳ ᠤᠨ ᠨᠡᠩ ᠰᠠᠶᠢᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠬᠦ ᠭᠡᠷᠡᠭᠳᠡᠢ᠃ ᠳᠥᠷᠪᠡ ᠳᠤ ᠪᠠᠭᠤᠷᠠᠶᠢᠴᠤᠤᠯ ᠤᠨ ᠭᠡᠷ ᠪᠦᠯᠢ ᠶᠢᠨ ᠬᠡᠤᠬᠡᠳ᠂ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠬᠦᠴᠦᠨ ᠢ ᠳᠠᠶᠢᠴᠢᠯᠠᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠳᠤ ᠣᠷᠣᠯᠴᠠᠭᠤᠯᠵᠤ᠂ ᠭᠡᠷ ᠪᠦᠯᠢ᠂ ᠰᠤᠷᠭᠠᠭᠤᠯᠢ᠂ ᠨᠡᠶᠢᠭᠡᠮ ᠲᠣᠭᠤᠷᠢᠭ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠵᠦ᠂ ᠬᠠᠮᠳᠣᠷᠡᠯ ᠬᠦᠴᠦᠨ ᠢ ᠪᠦᠷᠢᠯᠳᠦᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠲᠤᠪᠠᠷ ᠠᠩᠬᠠᠷᠬᠤ ᠭᠡᠷᠡᠭᠳᠡᠢ ᠭᠡᠵᠣ ᠴᠢᠬᠤᠯᠠᠴᠢᠯᠡᠪᠡ᠃   
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢᠳᠣ ᠰᠢᠨ ᠴᠸᠡᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号