4 ᠰᠠᠷ᠎ᠠ ᠶᠢᠨ 7 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠲᠦ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ | ᠡᠷᠭᠢᠯᠡᠨ ᠬᠤᠷᠠᠯᠳᠤᠭᠤᠯᠪᠡ᠃ ᠬᠤᠷᠡᠯ ᠲᠡᠭᠡᠷ᠎ᠡ᠂ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ | ᠰᠡᠷᠭᠦᠭᠡᠬᠦ᠂ ᠵᠢᠭᠤᠯᠴᠢᠯᠠᠯ ᠤᠨ ᠲᠥᠬᠦᠭᠡᠷᠦᠮᠵᠢ ᠶᠢ ᠰᠡᠯᠪᠢᠨ ᠵᠠᠰᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠴᠡᠭᠴᠡᠯᠡᠨ ᠵᠠᠰᠠᠬᠤ᠂ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ | ᠴᠡᠭᠴᠡᠯᠡᠨ ᠵᠠᠰᠠᠬᠤ ᠵᠡᠷᠭᠡ ᠠᠵᠢᠯ ᠤᠨ ᠪᠠᠶᠢᠳᠠᠯ ᠤᠨ ᠲᠣᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ | ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠶᠠᠩ ᠪᠦᠦ ᠲᠢᠶᠠᠨ᠂ ᠯᠢ ᠫᠧᠩ | ᠵᠢᠴᠢ ᠬᠤᠲᠠ ᠶᠢᠨ ᠬᠥᠭᠵᠢᠭᠦᠯᠦᠯᠲᠡ ᠪᠡ ᠥᠭᠡᠷᠡᠴᠢᠯᠡᠯᠲᠡ ᠶᠢᠨ ᠵᠥᠪᠯᠡᠯ᠂ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | | ᠬᠤᠷᠠᠯ ᠠᠴᠠ᠂ ︽ᠨᠢᠭᠡ ᠲᠦᠷᠦᠯ ᠵᠦᠢᠯ ᠳᠤ ᠨᠢᠭᠡ ᠢᠵᠢ ᠲᠥᠰᠦᠯ ᠲᠠᠢ᠂ ᠨᠢᠭᠡ ᠳᠠᠭᠠᠭᠠᠴᠢᠯᠠᠨ | ᠬᠤᠯᠪᠣᠭᠠᠯᠠᠬᠤ ᠤᠳᠤᠷᠢᠳᠤᠯᠭ᠎ᠠ ᠲᠠᠢ ᠪᠠᠶᠢᠬᠤ︾ ᠵᠠᠷᠴᠢᠮ ᠢ ᠴᠢᠩᠭ᠎ᠠ ᠵᠢᠷᠤᠮᠯᠠᠨ᠂ ᠠᠵᠢᠯ ᠤᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ | ᠠᠬᠢᠴᠠ ᠶᠢ ᠲᠦᠷᠭᠡᠳᠬᠡᠵᠦ᠂ 5 ᠳ᠋ᠤᠭᠠᠷ ᠰᠠᠷ᠎ᠠ ᠶᠢᠨ ᠭᠤᠣᠯᠳᠠᠯᠭ᠎ᠠ ᠲᠠᠢ ᠲᠦᠷᠦᠯ ᠵᠦᠢᠯ ᠤᠨ ᠠᠵᠢᠯ ᠡᠬᠢᠯᠡᠬᠦᠯᠬᠦ | ᠪᠠ ᠠᠵᠢᠯ ᠢ ᠰᠡᠷᠭᠦᠭᠡᠬᠦ ᠨᠤᠷᠮ᠎ᠠ ᠶᠢ 90% ᠠᠴᠠ ᠳᠡᠭᠡᠭᠰᠢ ᠳᠤ ᠬᠦᠷᠭᠡᠬᠦ ᠶᠢ ᠪᠠᠲᠤᠯᠠᠬᠤ ᠬᠡᠷᠡᠭᠲᠡᠢ᠃ | ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠢ ᠳᠡᠭᠡᠭᠰᠢᠯᠡᠭᠦᠯᠬᠦ ᠢᠨᠵᠧᠨᠧᠷᠢᠩ ᠢᠶᠠᠷ ᠵᠢᠯᠣᠭᠤᠳᠤᠮᠵᠢ ᠪᠣᠯᠭᠠᠵᠤ᠂ ᠠᠮᠤᠷ | ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ᠂ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ ᠲᠤᠰᠬᠠᠶ ᠠᠵᠢᠯᠯᠠᠭ᠎ᠠ ᠶᠢ ᠲᠦᠷᠭᠡᠳᠬᠡᠨ ᠬᠡᠷᠡᠭᠵᠢᠭᠦᠯᠵᠦ | ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠢᠭᠤᠯᠴᠢᠯᠠᠬᠴᠢᠳ ᠢ | ᠪᠠᠶᠠᠷ ᠪᠠᠶᠠᠰᠬᠤᠯᠠᠩ ᠲᠠᠢ ᠪᠠᠶᠢᠯᠭᠠᠬᠤ ᠬᠡᠷᠡᠭᠲᠡᠶ᠃ ᠠᠮᠢ ᠠᠬᠤᠢ ᠣᠷᠴᠢᠨ ᠲᠣᠭᠤᠷᠢᠨ ᠢ ᠶᠡᠬᠡᠪᠡᠷ ᠵᠢᠭᠰᠠᠭᠠᠨ | ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢᠨ ᠲᠣᠮᠳᠡ ᠳᠤ ᠢᠯᠡᠷᠡᠭᠦᠯᠦᠭᠰᠡᠨ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ | ᠪᠠᠶᠢᠭᠤᠯᠬᠤ︾ ᠶᠢ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠦᠴᠦᠯᠡᠨ ᠪᠠᠶᠢᠭᠤᠯᠵᠤ᠂ ᠪᠦᠬᠦ | ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ | ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠬᠠᠮᠠᠭᠠᠯᠠᠯᠲᠠ ᠶᠢ ᠬᠤᠶᠠᠷ ᠲᠠᠯ᠎ᠠ ᠪᠠᠷ ᠴᠢᠩᠭ᠎ᠠ | ᠠᠳᠬᠤᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠣ ᠴᠢᠬᠤᠯᠠᠴᠢᠯᠡᠪᠡ᠃ | ᠬᠤᠷᠠᠯ ᠠᠴᠠ ᠪᠠᠰᠠ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | |