ᠡᠷᠬᠢᠮᠲᠤ ᠪᠦᠯᠬᠦᠮ ᠳᠠᠭᠠᠭᠤᠯᠤᠨ ᠬᠢᠩᠭᠠᠨ ᠠᠶᠢᠮᠠᠭ ᠤᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠳᠤ ᠠᠵᠢᠯ ᠤᠨ ᠬᠠᠷᠢᠭᠤ ᠮᠡᠳᠡᠭᠦᠯᠦᠯᠲᠡ ᠬᠢᠪᠡ
ᠨᠡᠶᠢᠲᠡᠯᠡᠭᠰᠡᠨ ᠴᠠᠭ᠄
2025/5/12
    5 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ ᠤᠷᠢᠳ ᠬᠤᠵᠢᠳ ᠬᠢᠩᠭᠠᠨ ᠠᠶᠢᠮᠠᠭ ᠤᠨ ᠬᠥᠭᠵᠢᠭᠦᠯᠦᠯᠲᠡ ᠪᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠬᠢᠩᠭᠠᠨ ᠳᠠᠬᠢ ᠴᠠᠬᠢᠯᠭᠠᠨ ᠬᠠᠩᠭᠠᠬᠤ ᠺᠣᠮᠫᠠᠨᠢ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠩᠭᠠᠨ ᠳᠠᠬᠢ ᠬᠤᠪᠢᠶᠠᠷᠢ ᠺᠣᠮᠫᠠᠨᠢ ᠪᠠᠷ ᠬᠦᠷᠴᠦ ᠬᠠᠮᠢᠶ᠎ᠠ ᠪᠥᠬᠦᠶ ᠠᠵᠢᠯ ᠢ ᠬᠠᠷᠢᠭᠤ ᠮᠡᠳᠡᠭᠦᠯᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠴᠢᠷᠮᠠᠶᠢᠵᠠᠢ᠃     ᠬᠠᠷᠢᠭᠤ ᠮᠠᠳᠡᠬᠦᠯᠣᠯᠳᠡ ᠶᠢᠨ ᠶᠠᠪᠣᠴᠨ ᠳᠤ᠂ ᠡᠷᠬᠢᠮᠲᠤ ᠡᠯ᠎ᠡ ᠪᠠᠶᠢᠭᠤᠯᠭ᠎ᠠ ᠨᠢᠭᠡᠴᠢ ᠶᠢᠨ ᠣᠷᠳᠣ ᠬᠤᠭᠤᠴᠠᠭᠠᠨ ᠤ ᠲᠤᠷᠰᠢ ᠷᠠᠰᠢᠶᠠᠨ ᠢ ᠳᠡᠮᠵᠢᠵᠦ ᠬᠠᠪᠰᠤᠷᠤᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠴᠢᠬᠤᠯᠠ ᠶᠡᠭᠡ ᠲᠥᠷᠥᠯ ᠵᠣᠶᠢᠯ ᠢ ᠲᠥᠯᠥᠪᠵᠢᠭᠦᠯᠦᠨ ᠨᠥᠭᠡᠴᠡᠯᠡᠬᠦ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠥᠷᠢ ᠥᠭᠴᠡᠭᠡᠨ ᠤ ᠠᠶᠤᠯ ᠲᠦᠭᠰᠢᠭᠦᠷᠢ ᠶᠢ ᠠᠷᠢᠯᠭᠠᠬᠤ ᠵᠡᠷᠭᠡ ᠤᠴᠢᠷ ᠶᠠᠪᠤᠳᠠᠯ ᠤᠨ ᠲᠤᠬᠠᠶ  ᠠᠭᠤᠯᠭ᠎ᠠ ᠪᠠᠷ ᠠᠵᠢᠯ ᠢᠶᠠᠨ ᠬᠠᠷᠢᠯᠴᠠᠨ ᠵᠣᠯᠭᠠᠭᠤᠯᠪᠠ᠃ ᠲᠠᠷᠡ  ᠪᠠᠷ ᠬᠢᠩᠭᠠᠨ ᠠᠶᠢᠮᠠᠭ ᠤᠨ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠥᠩᠭᠡᠷᠡᠭᠰᠡᠨ ᠲᠠᠢ ᠪᠠᠨ ᠠᠳᠠᠯᠢ ᠪᠠᠷ ᠷᠠᠰᠢᠶᠠᠨ ᠢ ᠬᠠᠯᠠᠮᠵᠢᠯᠠᠵᠤ᠂ ᠷᠠᠰᠢᠶᠠᠨ ᠤ ᠬᠥᠭᠵᠢᠯᠲᠡ ᠶᠢ ᠳᠡᠮᠵᠢᠵᠦ᠂ ᠨᠠᠩ ᠣᠯᠠᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠵᠡᠷᠭᠡ ᠭᠤᠤᠯᠳᠠᠯᠭ᠎ᠠ ᠲᠠᠢ ᠬᠥᠭᠵᠢᠯᠲᠡ ᠶᠢᠨ ᠪᠠᠶᠢᠷᠢᠰᠢᠭᠤᠯᠤᠯᠲᠠ ᠳᠤ ᠣᠷᠣᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠠ᠃    ᠬᠢᠩᠭᠠᠨ ᠠᠶᠢᠮᠠᠭ ᠤᠨ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠷᠠᠰᠢᠶᠠᠨ ᠤ ᠤᠢᠢᠷ᠎ᠠ ᠶᠢᠨ ᠵᠢᠯ ᠤᠨ ᠲᠤᠷᠰᠢᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠬᠠᠷᠢᠯᠴᠠᠭ᠎ᠠ ᠵᠣᠯᠭᠠᠯᠴᠠᠭ᠎ᠠ ᠶᠢᠨ ᠵᠦᠢᠯᠡᠰ ᠲᠤ ᠢᠳᠡᠪᠬᠢᠲᠡᠢ ᠬᠠᠷᠢᠭᠤᠯᠲᠠ ᠥᠭᠬᠦ ᠶᠢᠨ ᠬᠠᠮᠲᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠣᠯᠤᠨ ᠲᠤᠬᠠᠶᠢᠯᠠᠭᠰᠠᠨ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠵᠤ᠂ ᠷᠠᠰᠢᠶᠠᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠬᠦ᠂ ᠠᠵᠤ ᠦᠢᠯᠡᠰ ᠤᠨ ᠰᠦᠷᠥᠭᠵᠢᠯ ᠢ ᠪᠦᠷᠢᠯᠳᠦᠭᠦᠯᠬᠦ ᠵᠡᠷᠭᠡ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠰᠢᠨ᠎ᠡ ᠳᠠᠪᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃    ᠬᠤᠲᠠ ᠶᠢᠨ ᠤᠳᠤᠷᠢᠳᠤᠯᠭ᠎ᠠ ᠶᠠᠩ ᠪᠦᠦ ᠲᠢᠶᠠᠨ ᠵᠢᠴᠢ ᠬᠤᠲᠠ ᠶᠢᠨ ᠬᠥᠭᠵᠢᠭᠦᠯᠦᠯᠲᠡ ᠪᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ᠂ ᠤᠰᠤᠨ ᠠᠰᠢᠭᠯᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ  ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠡᠯ ᠳᠤ ᠣᠷᠣᠯᠴᠠᠪᠠ᠃   
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号