ᠶᠠᠩ ᠶᠦᠩ ᠵᠢᠦ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠤᠰᠤ ᠠᠷᠪᠢᠯᠠᠬᠤ ᠠᠵᠢᠯᠯᠠᠭ᠎ᠠ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠡᠭᠤᠯᠣᠨ ᠵᠢᠯᠣᠭᠤᠳᠪᠠ
ᠨᠡᠶᠢᠲᠡᠯᠡᠭᠰᠡᠨ ᠴᠠᠭ᠄
2025/5/12
    5 ᠰᠠᠷ᠎ᠠ ᠶᠢᠨ 7 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠭ ᠨᠣᠪᠰᠢ ᠰᠢᠢᠳᠪᠣᠷᠢᠯᠡᠬᠦ ᠲᠠᠯᠠᠪᠠᠶ᠂ ᠪᠣᠬᠢᠷ ᠤᠰᠤ ᠰᠢᠢᠳᠪᠦᠷᠢᠯᠡᠬᠦ ᠲᠥᠪ᠂ ᠬᠤᠭᠤᠯᠠᠶ ᠶᠢᠨ ᠲᠣᠤᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ᠂ ᠰᠢᠤᠸᠠᠢ ᠶᠤᠸᠠᠨ ᠢᠯᠴᠢ ᠶᠢᠨ ᠬᠦᠴᠦᠨ ᠤ ᠲᠥᠪᠯᠡᠷᠡᠭᠦᠯᠦᠨ ᠢᠯᠴᠢ ᠬᠠᠩᠭᠠᠬᠤ ᠲᠥᠪ᠂ ᠤᠰᠤ ᠬᠠᠩᠭᠠᠬᠤ ᠲᠥᠪ ᠢᠶᠠᠷ ᠬᠦᠷᠴᠦ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠤᠰᠤ ᠠᠷᠪᠢᠯᠠᠬᠤ ᠠᠵᠢᠯᠯᠠᠭ᠎ᠠ ᠵᠡᠷᠭᠡ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃    ᠶᠠᠩ ᠶᠦᠩ ᠵᠢᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠣᠨ᠂ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠶᠢ ᠴᠢᠩᠭᠠᠳᠬᠠᠵᠤ᠂ ᠣᠲᠣ ᠶᠢᠨ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠪᠠᠶᠢᠩᠭᠤ ᠶᠢᠨ ᠪᠠ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠠᠯ᠎ᠠ ᠪᠠᠷ ᠬᠦᠴᠦ ᠲᠠᠯᠪᠢᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠲᠦᠷᠢᠮ ᠲᠣᠭᠲᠠᠭᠠᠯ ᠲᠣᠭᠲᠠᠭᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠴᠢᠨᠠᠭᠰᠢᠳᠠ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠪᠣᠯᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠤᠰᠤ ᠳᠤᠲᠠᠬᠤ ᠥᠬᠡᠶ ᠴᠤ ᠤᠰᠤ ᠠᠷᠪᠢᠯᠠᠬᠤ︾ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠤᠰᠤ ᠬᠠᠩᠭᠠᠬᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠰᠠᠶᠢᠲᠤᠷ ᠠᠳᠬᠤᠵᠤ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠤᠨ᠂ ᠤᠰᠤᠨ ᠤ ᠡᠬᠢ ᠪᠠᠶᠠᠯᠢᠭ᠂ ᠤᠰᠤᠨ ᠬᠤᠳᠳᠤᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ᠂ ᠤᠰᠤᠨ ᠤ ᠡᠬᠢ ᠪᠠᠶᠠᠯᠢᠭ ᠢ ᠠᠷᠪᠢᠯᠠᠨ᠂ ᠡᠷᠴᠢᠮᠳᠡᠢ ᠰᠠᠶᠢᠬᠠᠨ ᠠᠰᠢᠭᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号