ᠷᠠᠰᠢᠶᠠᠨ ᠤ ᠰᠧᠨ ᠭᠥᠩ ᠺᠣᠮᠫᠠᠨᠢ ᠰᠢᠨ᠎ᠡ ᠪᠠᠷᠭᠤ ᠵᠡᠭᠦᠨ ᠬᠤᠰᠢᠭᠤ ᠲᠠᠢ ᠣᠷᠣᠨ ᠪᠦᠰᠡ ᠶᠢᠨ ᠬᠠᠮᠲᠤᠷᠠᠯᠴᠠᠭ᠎ᠠ ᠶᠢᠨ ᠲᠠᠯ᠎ᠠ ᠪᠠᠷ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/12
    ᠬᠤᠶᠠᠷ ᠭᠠᠵᠠᠷ ᠭᠤᠷᠪᠠᠨ ᠲᠠᠯ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ  ᠶᠢ ᠭᠦᠨᠵᠡᠭᠡᠶᠢᠷᠡᠬᠦᠯᠣᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 9 ᠤ ᠡᠳᠦᠷ᠂ ᠬᠦᠯᠣᠨ ᠪᠣᠶᠢᠷ ᠬᠤᠳᠡ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠰᠢᠨᠵᠢᠯᠡᠨ ᠪᠠᠶᠢᠴᠠᠭᠠᠬᠤ ᠪᠦᠯᠬᠦᠮ ᠷᠠᠰᠢᠶᠠᠨ ᠬᠤᠲᠠ ᠪᠠᠷ ᠢᠷᠡᠵᠦ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠡᠯ ᠳᠤ ᠣᠷᠣᠯᠴᠠᠵᠠᠢ ᠃ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ᠂ ᠬᠦᠯᠣᠨ ᠪᠣᠶᠢᠷ ᠬᠤᠳᠡ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠡᠤ ᠰᠢᠤᠸᠠᠢ ᠶᠦᠩ᠂ ᠷᠠᠰᠢᠶᠠᠨ ᠤ ᠰᠧᠨ ᠭᠥᠩ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠶ ᠳᠠᠭᠠᠭᠠᠮᠠᠯ ᠶᠢᠨ ᠢᠦᠶ ᠰᠢᠨ ᠨᠡᠷ ᠵᠢᠭᠤᠯᠴᠢᠯᠠᠯ ᠤᠨ ᠠᠵᠤ ᠦᠢᠯᠡᠰ ᠤᠨ  ᠬᠠᠮᠳᠣᠷᠡᠨ ᠬᠥᠭᠵᠢᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠣᠪᠡᠷ ᠪᠠᠶᠢᠭᠤᠯᠵᠤ ᠬᠠᠮᠲᠣᠪᠡᠷ ᠡᠳ᠋ᠯᠡᠬᠦ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃    ᠡᠷᠬᠢᠮᠲᠦ ᠰᠢᠨ᠎ᠡ ᠪᠠᠷᠭᠤ ᠵᠡᠭᠦᠨ ᠬᠤᠰᠢᠭᠤᠨ ᠤ ᠰᠢᠨᠵᠢᠯᠡᠨ ᠪᠠᠶᠢᠴᠠᠭᠠᠬᠤ ᠪᠦᠯᠬᠦᠮ ᠤᠨ ᠬᠦᠷᠦᠯᠴᠡᠨ ᠢᠷᠡᠭᠰᠡᠨ ᠢ  ᠪᠠᠶᠠᠷᠯᠡᠨ ᠤᠭᠲᠤᠵᠤ ᠪᠠᠶᠢᠬᠤ ᠪᠠᠨ ᠢᠯᠡᠳᠬᠡᠵᠦ᠂ ᠰᠧᠨ ᠭᠥᠩ ᠺᠣᠮᠫᠠᠨᠢ ᠶᠢᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠶᠠᠷ ᠭᠠᠵᠠᠷ ᠭᠤᠷᠪᠠᠨ ᠲᠠᠯ᠎ᠠ ᠶᠢᠨ ᠬᠢᠨ ᠠᠭᠤᠯᠡ ᠣᠰᠣ  ᠪᠠᠷ ᠵᠠᠯᠭᠠᠯᠳᠣᠵᠣ᠂ ᠰᠣᠶᠣᠯ ᠢᠷᠭᠡᠨᠰᠢᠯ ᠬᠠᠷᠢᠯᠴᠠᠨ ᠠᠳᠡᠯᠢᠪᠳᠣᠷ᠂ ᠡᠬᠢ ᠪᠠᠶᠠᠯᠢᠭ ᠬᠠᠷᠢᠯᠴᠠᠨ ᠨᠥᠬᠦᠪᠥᠷᠢᠯᠡᠬᠦ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ︽ᠶᠡᠭᠡ ᠬᠢᠩᠭᠠᠨ ᠳᠠᠪᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ︵2024 - 2030︶︾ ᠪᠠᠷ ᠤᠳᠤᠷᠢᠳᠤᠮᠵᠢ ᠪᠣᠯᠭᠠᠵᠤ᠂ ᠠᠵᠤ ᠦᠢᠯᠡᠰ ᠢ ᠬᠠᠮᠲᠤᠪᠠᠷ ᠬᠥᠭᠵᠢᠭᠦᠯᠬᠦ᠂ ᠪᠦᠲᠦᠭᠡᠭᠳᠡᠬᠦᠨ ᠢ ᠬᠠᠮᠲᠤᠪᠠᠷ ᠣᠶᠢᠯᠡᠳᠬᠦ᠂ ᠲᠦᠷᠦᠯ ᠲᠡᠮᠳᠡᠭ ᠢ ᠬᠠᠮᠲᠤᠪᠠᠷ ᠡᠭᠦᠳᠬᠦ ᠵᠡᠷᠭᠡ ᠶᠠᠪᠤᠳᠠᠯ ᠢ ᠬᠠᠮᠵᠢᠯᠴᠠᠨ ᠠᠬᠢᠭᠤᠯᠵᠤ᠂ ︽ᠰᠦᠷᠯᠢᠭ ᠬᠢᠩᠭᠠᠨ᠂ ᠰᠢᠳᠢᠳᠣ ᠷᠠᠰᠢᠶᠠᠨ︾ ᠪᠣᠯᠤᠨ ︽ᠦᠷᠭᠡᠨ ᠠᠭᠤᠳᠡᠮ ᠲᠠᠯ᠎ᠠ ᠨᠤᠲᠤᠭ᠂ ᠤᠷᠲᠤ ᠶᠢᠨ ᠳᠠᠭᠤᠨ ᠤ ᠨᠤᠲᠤᠭ︾ ᠢ ᠪᠦᠬᠦ ᠵᠢᠯ ᠳᠤ ᠬᠦᠷ ᠬᠥᠭᠵᠢᠶᠡᠨ ᠲᠠᠢ ᠪᠣᠯᠭᠠᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠪᠠ᠃    ᠦ᠋ ᠰᠢᠤᠸᠠᠢ ᠶᠦᠩ ᠬᠤᠶᠠᠷ ᠭᠠᠵᠠᠷ ᠭᠤᠷᠪᠠᠨ ᠲᠠᠯ᠎ᠠ ᠶᠢᠨ ᠤᠷᠳᠤ ᠬᠤᠭᠤᠴᠠᠭᠠᠨ ᠤ ᠲᠤᠷᠰᠢᠬᠢ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠭᠦᠢᠴᠡᠳ ᠨᠤᠲᠠᠯᠠᠬᠤ ᠶᠢᠨ ᠬᠠᠮᠲᠤ ᠲᠤᠰ ᠤᠳᠠᠭᠠᠨ ᠤ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠭᠤᠷᠪᠠᠨ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠨᠥᠬᠦᠴᠡᠯ ᠪᠣᠯᠤᠨ ᠠᠵᠤ ᠦᠢᠯᠡᠰ ᠤᠨ ᠰᠠᠭᠤᠷᠢ ᠳᠠᠪᠠᠭᠤᠯᠢᠭ ᠲᠤ ᠰᠠᠭᠤᠷᠢᠯᠠᠨ᠂ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠬᠦ᠂ ᠰᠣᠶᠣᠯ ᠵᠢᠭᠤᠯᠴᠢᠯᠠᠯ ᠢ ᠬᠠᠮᠵᠢᠯᠴᠠᠨ ᠬᠥᠭᠵᠢᠭᠦᠯᠬᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠮᠲᠤᠷᠠᠯᠴᠠᠭᠠᠨ ᠤ ᠵᠦᠢᠯᠡᠰ ᠤᠨ ᠨᠠᠷᠢᠨ ᠲᠠᠩᠰᠠ ᠶᠢ ᠲᠣᠭᠲᠠᠭᠠᠨ ᠨᠠᠷᠢᠯᠢᠬᠵᠢᠭᠤᠯᠵᠤ᠂ ᠪᠠᠶᠢᠩᠭᠤ ᠶᠢᠨ ᠠᠵᠢᠯ ᠤᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠨᠠᠷᠢᠨ ᠲᠠᠩᠰᠠᠴᠢᠯᠡᠭᠰᠡᠨ ᠬᠠᠮᠢᠶᠠᠷᠤᠯᠲᠠ᠂ ᠵᠦᠢᠯ ᠵᠤᠷᠪᠤᠰ ᠤᠨ ᠬᠡᠯᠪᠡᠷᠢ ᠪᠠᠷ᠂ ᠠᠬᠢᠭᠤᠯᠬᠤ ᠠᠷᠭ᠎ᠠ ᠬᠡᠯᠪᠡᠷᠢ ᠪᠠᠷ ᠡᠯ᠎ᠡ ᠵᠦᠢᠯ ᠤᠨ ᠬᠠᠮᠲᠤᠷᠠᠯᠴᠠᠭᠠᠨ ᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠨ᠎ᠠ ᠭᠡᠵᠡᠢ᠃    ᠶᠢᠨ ᠢᠦᠶ ᠰᠢᠨ᠂ ᠷᠠᠰᠢᠶᠠᠨ ᠬᠤᠲᠠ᠂ ᠰᠢᠨ᠎ᠡ ᠪᠠᠷᠭᠤ ᠵᠡᠭᠦᠨ ᠬᠤᠰᠢᠭᠤ ᠪᠣᠯᠤᠨ ᠷᠡᠰᠢᠶᠠᠨ ᠤ ᠰᠧᠨ ᠭᠥᠩ ᠺᠣᠮᠫᠠᠨᠢ ᠴᠥᠮ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠳᠤ ᠬᠠᠷᠢᠶᠠᠯᠠᠭᠳᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠠᠮᠲᠤ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠰᠧᠨ ᠭᠥᠩ ᠺᠣᠮᠫᠠᠨᠢ ᠠᠵᠤ ᠠᠬᠤᠶᠢᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠶᠠᠷ ᠭᠠᠵᠠᠷ ᠤᠨ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠬᠠᠮᠲᠤᠷᠠᠯᠴᠠᠨ ᠬᠥᠭᠵᠢᠬᠦᠯᠬᠦ ᠣᠶᠢᠯᠠᠭᠠᠭᠳᠠᠬᠤᠨ ᠢᠶᠠᠷ ᠬᠤᠶᠠᠷ ᠭᠠᠵᠠᠷ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠪᠡ᠃    ᠷᠠᠰᠢᠶᠠᠨ ᠬᠤᠳᠠ ᠶᠢᠨ ᠪᠠᠢ ᠹᠧᠩ᠂ ᠯᠢ ᠫᠧᠩ᠂ ᠸᠠᠩ ᠵᠢᠶᠠᠨ ᠪᠥᠸᠧ᠂ ᠰᠢᠨ᠎ᠡ ᠪᠠᠷᠭᠤ ᠵᠡᠭᠦᠨ ᠬᠤᠰᠢᠭᠤᠨ ᠤ ᠵᠦᠩ ᠱᠸᠦ ᠴᠢᠤᠸᠠᠨ᠂ ᠭᠤᠸᠠᠨ ᠴᠠᠩ ᠷᠦᠩ᠂ ᠷᠠᠰᠢᠶᠠᠨ ᠤ ᠰᠧᠨ ᠭᠥᠩ ᠺᠣᠮᠫᠠᠨᠢ ᠶᠢᠨ ᠵᠠᠩ ᠪᠥᠸᠧ ᠨᠠᠷ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号