ᠷᠠᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/13
    4 ᠰᠠᠷ᠎ᠠ ᠶᠢᠨ 22 ᠤᠨ ᠡᠳᠦᠷ᠂ ᠷᠠᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠰᠢᠤᠢ ᠭᠤᠸᠠᠩ ᠶᠢᠩ ᠬᠤᠷᠠᠯ ᠢ ᠡᠷᠭᠢᠯᠡᠵᠦ᠂ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠨᠢᠭᠡᠳᠦᠭᠡᠷ ᠤᠯᠠᠷᠢᠯ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠶᠢ ᠪᠦᠬᠦ ᠲᠠᠯ᠎ᠠ ᠪᠠᠷ ᠵᠠᠳᠠᠯᠵᠤ᠂ ᠳᠠᠷᠠᠭᠠᠴᠢ ᠶᠢᠨ ᠠᠯᠬᠤᠮ ᠤᠨ ᠠᠵᠢᠯ ᠤᠨ ᠭᠤᠣᠯᠳᠠᠯᠭ᠎ᠠ ᠶᠢ ᠲᠤᠬᠢᠷᠠᠭᠤᠯᠤᠨ ᠪᠠᠶᠢᠷᠢᠯᠠᠭᠤᠯᠤᠭᠰᠠᠨ ᠪᠥᠭᠡᠳ ᠪᠣᠳᠠᠲᠠᠢ ᠱᠠᠭᠠᠷᠳᠠᠯᠭ᠎ᠠ ᠳᠤᠷᠠᠳᠴᠠᠢ᠃    ᠬᠤᠷᠠᠯ ᠠᠴᠠ᠂ ᠡᠯ᠎ᠡ ᠲᠤᠰᠬᠠᠢ ᠮᠡᠷᠭᠡᠵᠢᠯ ᠤᠨ ᠠᠵᠢᠯᠳᠡᠨ ᠪᠦᠬᠦ ᠵᠢᠯ ᠤᠨ ᠠᠵᠢᠯ ᠤᠨ ᠬᠠᠷᠠᠯᠲᠠ ᠶᠢᠨ ᠲᠣᠭᠤᠷᠢᠨ ᠳᠤ᠂ ᠠᠵᠢᠯ ᠤᠨ ᠡᠭᠦᠷᠭᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠨᠡᠩ ᠴᠢᠩᠭ᠎ᠠ ᠣᠪᠣᠷ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠲᠤᠭ᠎ᠠ ᠪᠦᠷᠢᠳᠬᠡᠯ ᠤᠨ ᠠᠵᠢᠯ ᠤᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠡᠯ᠎ᠡ ᠵᠦᠢᠯ ᠤᠨ ᠲᠤᠭ᠎ᠠ ᠪᠠᠷᠢᠮᠲᠠ ᠶᠢ ᠪᠦᠷᠢᠳᠬᠡᠬᠦ᠂ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠪᠤᠰᠤᠳ ᠰᠠᠯᠠᠭ᠎ᠠ ᠮᠥᠴᠢᠷ ᠯᠦᠭᠡ ᠶᠢᠨ ᠰᠣᠯᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠵᠣ ᠱᠠᠭᠠᠷᠳᠡᠪᠡ᠃     ᠬᠤᠷᠠᠯ ᠳᠡᠭᠡᠷ᠎ᠡ ᠪᠠᠰᠠ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠬᠠᠮᠢᠶ᠎ᠠ ᠪᠦᠬᠦᠢ ᠨᠢᠭᠤᠴᠠ ᠶᠢ ᠬᠠᠮᠠᠭᠠᠯᠠᠬᠤ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ ᠭᠦᠨᠵᠡᠭᠡᠢ ᠰᠤᠷᠤᠯᠴᠠᠪᠠ᠃
阿尔山市统计局召开工作调度会议.jpg
 
ᠢᠷᠡᠯᠲᠡ᠄ ᠷᠡᠰᠢᠶᠠᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号