2025 ᠣᠨ ᠤ 4 ᠰᠠᠷ᠎ᠠ ᠶᠢᠨ 15 ᠤ ᠡᠳᠦᠷ ᠪᠣᠯ ᠠᠷᠪᠠᠳᠤᠭᠠᠷ ᠪᠥᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠂ ᠺᠠᠳ᠋ᠷ ᠠᠵᠢᠯᠲᠠᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠲᠣᠰ ᠡᠳᠣᠷ ᠲᠤ᠂ ᠷᠠᠰᠢᠶᠠᠨ ᠬᠤᠲᠠ ᠶᠢᠨ ᠲᠤᠭ᠎ᠠ | ᠪᠦᠷᠢᠳᠬᠡᠯ ᠤᠨ ᠲᠣᠪᠴᠢᠶ᠎ᠠ ︽ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠬᠠᠮᠲᠣᠪᠡᠷ ᠪᠠᠶᠢᠭᠤᠯᠵᠤ᠂ | ᠠᠷᠠᠳ ᠢᠷᠭᠡᠳ ᠪᠦᠬᠦᠨ ᠬᠠᠷᠢᠭᠤᠴᠠᠯᠭ᠎ᠠ ᠲᠠᠢ︾ ᠭᠡᠬᠦ ᠭᠤᠤᠯ ᠰᠡᠳᠦᠪᠳᠣ ᠨᠢᠭᠤᠴᠠ ᠶᠢ ᠬᠠᠮᠠᠭᠠᠯᠠᠬᠤ ᠪᠣᠯᠪᠠᠰᠤᠷᠠᠯ | ᠥᠷᠨᠢᠭᠦᠯᠪᠡ᠃ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠥᠬᠦ ᠺᠠᠳ᠋ᠷᠴᠤᠳ 2025 ᠣᠨ ᠤ ᠪᠥᠬᠦ ᠤᠯᠤᠰ ᠤᠨ ᠨᠢᠭᠤᠴᠠ ᠶᠢ | ᠬᠠᠮᠠᠭᠠᠯᠠᠬᠤ ᠬᠥᠮᠦᠵᠢᠯ ᠤᠨ ᠰᠦᠯᠵᠢᠶᠡᠨ ᠳᠡᠭᠡᠷᠡᠬᠢ ᠪᠣᠯᠪᠠᠰᠤᠷᠠᠯ ᠳᠤ ᠲᠥᠪᠯᠡᠷᠡᠭᠦᠯᠦᠨ ᠣᠷᠣᠯᠴᠠᠭᠰᠠᠨ ᠪᠥᠭᠡᠳ | ᠨᠢᠭᠤᠴᠠ ᠶᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠹᠢᠯᠢᠮ ︽ᠬᠤᠷᠤᠭᠤᠨ ᠦᠵᠦᠭᠦᠷ ᠤᠨ | ᠰᠠᠬᠢᠨ ᠬᠠᠮᠠᠭᠠᠯᠠᠯᠲᠠ︾ ᠶᠢ ᠦᠵᠡᠵᠦ᠂ ᠪᠣᠯᠪᠠᠰᠤᠷᠠᠯ ᠳᠤ ᠨᠢᠭᠤᠴᠠ ᠶᠢ ᠬᠠᠮᠠᠭᠠᠯᠠᠬᠤ ᠠᠵᠢᠯ ᠤᠨ ᠴᠢᠬᠤᠯᠠ ᠴᠢᠨᠠᠷ | ᠪᠠ ᠲᠤᠯᠭᠠᠮ᠎ᠠ ᠴᠢᠨᠠᠷ ᠢ ᠴᠢᠬᠤᠯᠠᠴᠢᠯᠠᠵᠤ᠂ ᠯᠧᠺᠲ᠋ᠣᠷ ᠢ ᠣᠷᠢᠨ ᠦᠨᠡᠨ ᠪᠣᠳᠠᠲᠠᠶ ᠬᠡᠷᠡᠭ ᠤᠨ ᠵᠢᠱᠢᠶ᠎ᠡ ᠶᠢᠨ ᠲᠤᠬᠠᠶ | ᠲᠠᠶᠢᠯᠤᠮᠵᠢ ᠬᠢᠯᠭᠡᠵᠣ᠂ ᠪᠥᠬᠦ ᠺᠠᠳ᠋ᠷᠴᠤᠳ ᠲᠤ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠶ ᠨᠠᠩ ᠭᠦᠨᠵᠡᠭᠡᠶ | ᠲᠠᠨᠢᠯᠲᠠ ᠲᠠᠢ ᠪᠣᠯᠭᠠᠪᠠ᠃ ᠬᠤᠷᠠᠯ ᠤᠨ ᠳᠠᠷᠠᠭ᠎ᠠ᠂ ᠣᠯᠠᠨ ᠢᠶᠠᠷ ᠢᠶᠠᠨ ᠲᠤᠬᠠᠶᠢᠯᠠᠭᠰᠠᠨ ᠠᠵᠢᠯ ᠤᠨ ᠲᠣᠭᠤᠷᠢᠨ ᠳᠤ | ᠭᠦᠨᠵᠡᠭᠡᠶ ᠶᠠᠷᠢᠯᠴᠠᠭ᠎ᠠ ᠥᠷᠨᠢᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠳᠤᠮᠳᠠᠬᠢ ᠠᠩᠬᠠᠷᠬᠤ ᠴᠢᠬᠤᠯᠠᠲᠠᠶ | ᠵᠦᠢᠯᠡᠰ ᠪᠠ ᠨᠢᠭᠤᠴᠠ ᠶᠢ ᠬᠠᠮᠠᠭᠠᠯᠠᠬᠤ ᠪᠣᠳᠠᠲᠠᠶ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠵᠠᠶ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠷᠠᠰᠢᠶᠠᠨ ᠬᠤᠲᠠ ᠶᠢᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠪᠥᠬᠦ ᠺᠠᠳ᠋ᠷᠴᠤᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ | ᠬᠤᠶᠢᠰᠢᠳᠠ ᠶᠢᠨ ᠲᠤᠭ᠎ᠠ ᠪᠦᠷᠢᠳᠬᠡᠯ ᠤᠨ ᠠᠵᠢᠯ ᠳᠤ ᠪᠥᠬᠦ ᠺᠠᠳ᠋ᠷᠴᠤᠳ ᠨᠢᠭᠤᠴᠠ ᠶᠢ ᠬᠠᠮᠠᠭᠠᠯᠠᠬᠤ ᠲᠦᠷᠢᠮ ᠢ | ᠴᠢᠩᠭ᠎ᠠ ᠵᠢᠷᠤᠮᠯᠠᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠪᠠ ᠡᠭᠦᠷᠭᠡ ᠪᠠᠨ | ᠤᠬᠠᠮᠰᠠᠷ ᠠᠴᠠ ᠪᠠᠨ ᠰᠠᠶᠢᠳᠣᠷ ᠬᠦᠢᠴᠡᠳᠭᠡᠨ᠎ᠠ᠃ | | | |