4 ᠰᠠᠷ᠎ᠠ ᠶᠢᠨ 1 ᠤ ᠡᠳᠦᠷ᠂ ᠷᠠᠰᠢᠶᠠᠨ ᠬᠤᠳᠠ ᠶᠢᠨ ᠲᠤᠭ᠎ᠠ ᠪᠦᠷᠢᠳᠬᠡᠯ ᠤᠨ ᠲᠤᠪᠴᠢᠶ᠎ᠠ ᠪᠦᠬᠦ ᠺᠠᠳ᠋ᠷ | ᠠᠵᠢᠯᠳᠠᠨ ᠤ ᠶᠡᠭᠡ ᠬᠤᠷᠠᠯ ᠢ ᠬᠤᠷᠠᠯᠳᠤᠭᠤᠯᠵᠤ᠂ ᠲᠣᠪᠴᠢᠶᠠᠨ ᠳᠠᠷᠤᠭ᠎ᠠ ᠰᠢᠤᠢ ᠭᠤᠸᠠᠩ ᠶᠢᠩ ᠬᠤᠷᠠᠯ ᠢ | ᠡᠷᠬᠢᠯᠡᠵᠦ᠂ ᠪᠦᠬᠦ ᠺᠠᠳ᠋ᠷ ᠠᠵᠢᠯᠳᠠᠨ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠲᠦᠷᠢᠮ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠥᠬᠦᠶ ᠬᠤᠷᠠᠯ ᠤᠨ | ᠵᠣᠷᠢᠭ ᠰᠠᠨᠠᠭ᠎ᠠ᠂ ︽ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠭᠡᠬᠦ︾ | ᠲᠤᠬᠠᠶ ᠲᠥᠪ ᠤᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠬᠠᠮᠢᠶ᠎ᠠ | ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠰᠢᠨ᠎ᠡ ᠪᠠᠷ ᠵᠠᠰᠠᠪᠤᠷᠢ ᠣᠷᠣᠭᠤᠯᠥᠬᠰᠠᠨ ︽ᠲᠤᠭ᠎ᠠ | ᠪᠦᠷᠢᠳᠬᠡᠯ ᠤᠨ ᠬᠠᠤᠯᠢ︾᠂ ᠪᠥᠬᠦ ᠠᠶᠢᠮᠠᠭ ᠤᠨ ᠲᠤᠭ᠎ᠠ ᠪᠦᠷᠢᠳᠬᠡᠯ ᠤᠨ ᠠᠵᠢᠯ ᠵᠢᠴᠢ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ︽ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ | ᠴᠢᠨᠠᠷ ᠲᠣᠭᠲᠠᠭᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠲᠥᠰᠦᠯ︾᠂ ︽ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠶ ᠲᠣᠭᠲᠠᠭᠠᠯ ᠤᠳ︾ | ᠤᠨ ᠠᠭᠤᠯᠭ᠎ᠠ ᠶᠢᠨ ᠲᠠᠶᠢᠯᠤᠮᠵᠢ ︵ᠲᠤᠷᠰᠢᠨ ᠬᠡᠷᠡᠭᠵᠢᠭᠦᠯᠬᠦ︶ ᠤᠳ ᠢ ᠰᠣᠷᠣᠯᠴᠠᠪᠡ᠃ | ᠬᠤᠷᠠᠯ ᠠᠴᠠ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠣᠨ ᠤ ᠬᠠᠷᠠᠯᠲᠠ | ᠡᠭᠦᠷᠭᠡ ᠶᠢᠨ ᠲᠣᠭᠤᠷᠢᠨ ᠳᠤ᠂ ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠤ᠂ ᠡᠯ᠎ᠡ ᠲᠤᠰᠬᠠᠢ ᠮᠡᠷᠭᠡᠵᠢᠯ ᠤᠨ | ᠬᠠᠷᠢᠭᠤᠴᠠᠯᠭᠠᠲᠠᠨ ᠨᠥᠬᠦᠳ ᠰᠣᠯᠢᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠣ ᠱᠠᠭᠠᠷᠳᠡᠪᠡ᠃ | ᠬᠤᠷᠠᠯ ᠠᠴᠠ᠂ ᠨᠢᠭᠡ ᠳᠤ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠢ ᠰᠠᠶᠢᠲᠤᠷ ᠠᠳᠬᠤᠵᠤ᠂ | ᠳᠡᠭᠡᠳᠦ ᠲᠤᠤᠷᠠᠳᠤ ᠱᠠᠳᠤ ᠪᠠᠷ ᠢᠶᠠᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ | ᠰᠤᠷᠤᠯᠴᠠᠯᠭ᠎ᠠ ᠶᠢ ᠴᠢᠩᠭᠠᠳᠬᠠᠨ᠂ ᠤᠨᠤᠯ ᠤᠨ ᠬᠡᠪ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ | ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠶᠢ ᠲᠠᠶᠢᠴᠢᠯᠡᠨ ᠲᠤᠭ᠎ᠠ | ᠪᠦᠷᠢᠳᠬᠡᠯ ᠤᠨ ᠨᠢᠭᠡᠴᠢ ᠶᠢᠨ ᠥᠨᠳᠥᠷ ᠦᠷ᠎ᠡ ᠪᠦᠲᠦᠮᠵᠢᠲᠡᠢ ᠠᠵᠢᠯ ᠢ ᠥᠷᠨᠢᠭᠦᠯᠬᠦ ᠬᠡᠷᠡᠭᠲᠡᠢ᠃ ᠬᠤᠶᠠᠷ ᠲᠤ᠂ | ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ ᠠᠵᠢᠯ ᠢ ᠰᠠᠶᠢᠲᠤᠷ ᠠᠳᠬᠤᠵᠤ᠂ ᠪᠥᠬᠦ ᠲᠠᠯ᠎ᠠ ᠪᠠᠷ | ᠬᠦᠴᠦᠨ ᠢᠶᠠᠨ ᠨᠢᠭᠲᠠᠷᠠᠭᠤᠯᠵᠤ᠂ ᠪᠦᠯᠬᠦᠮᠳᠡᠨ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ | ᠪᠦᠷᠢᠯᠳᠦᠭᠦᠯᠵᠦ᠂ ᠪᠥᠬᠦ ᠵᠢᠯ ᠤᠨ ᠡᠯ᠎ᠡ ᠲᠤᠭ᠎ᠠ ᠪᠠᠷᠢᠮᠲᠠ ᠶᠢ ᠪᠦᠷᠢᠳᠬᠡᠨ ᠳᠡᠭᠡᠭᠰᠢ ᠮᠡᠳᠡᠭᠦᠯᠬᠦ ᠠᠵᠢᠯ ᠢ ᠦᠨᠡᠨ ᠬᠦ | ᠰᠠᠶᠢᠲᠤᠷ ᠬᠢᠬᠦ ᠬᠡᠷᠡᠭᠲᠡᠶ᠃ ᠭᠤᠷᠪᠠ ᠳᠤ᠂ ᠲᠤᠭ᠎ᠠ ᠪᠦᠷᠢᠳᠬᠡᠯ ᠤᠨ ᠦᠨᠳᠦᠰᠦᠨ ᠡᠭᠦᠷᠭᠡ ᠴᠢᠳᠠᠪᠬᠢ ᠶᠢ ᠰᠠᠶᠢᠲᠤᠷ | ᠠᠳᠬᠤᠵᠤ᠂ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ | ᠵᠠᠳᠠᠯᠤᠯᠲᠠ ᠶᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠪᠣᠯᠤᠨ | ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠲᠠ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ | ᠬᠡᠷᠡᠭᠲᠡᠢ ᠭᠡᠵᠣ ᠴᠢᠬᠤᠯᠠᠴᠢᠯᠡᠪᠡ᠃ | | | |