ᠲᠤᠬᠠᠢ ᠶᠢᠨ ᠭᠠᠵᠠᠷ ᠤᠨ ᠴᠠᠭ ᠢᠶᠠᠷ 5 ᠳ᠋ᠤᠭᠠᠷ ᠰᠠᠷ᠎ᠠ ᠶᠢᠨ 9 ᠤ ᠡᠳᠦᠷ᠂ ᠣᠷᠣᠰ ᠤᠨ ᠬᠢᠨ ᠤ | ᠵᠥᠪᠯᠡᠯᠲᠦ ᠶᠢᠨ ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠢᠯᠠᠯᠲᠠ ᠣᠯᠣᠭᠰᠠᠨ 80 ᠵᠢᠯ ᠤᠨ ᠣᠶ ᠶᠢ | ᠳᠤᠷᠠᠰᠬᠠᠬᠤ ᠪᠠᠶᠠᠷ ᠤᠨ ᠶᠣᠰᠣᠯᠠᠯ ᠤᠨ ᠭᠤᠣᠯ ᠲᠠᠶᠢᠰᠠᠨ ᠳᠡᠭᠡᠷ᠎ᠡ᠂ ᠲᠡᠷᠢᠭᠦᠯᠡᠭᠴᠢ ᠰᠢ ᠶᠢᠨ ᠫᠢᠩ ᠳᠡᠷᠭᠡᠳᠡᠬᠢ ᠠᠬᠠᠮᠠᠳ | ᠪᠠᠶᠢᠯᠳᠤᠭᠴᠢᠳ ᠲᠠᠢ ᠳᠣᠲᠣᠨᠣᠰᠤᠭ ᠢᠶᠠᠷ ᠶᠠᠷᠢᠯᠴᠠᠵᠤ ᠪᠠᠶᠢᠨ᠎ᠠ᠃ | | | | | | 10 ᠵᠢᠯ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ ᠮᠣᠰᠺᠸᠠ ᠳᠤ ᠣᠷᠣᠰ ᠤᠨ ᠠᠬᠠᠮᠠᠳ | ᠪᠠᠶᠢᠯᠳᠤᠭᠴᠢᠳ ᠤᠨ 18 ᠲᠥᠯᠥᠭᠡᠯᠡᠭᠴᠢ ᠯᠦᠭᠡ ᠲᠤᠰᠬᠠᠶᠢᠯᠠᠨ ᠠᠭᠤᠯᠵᠠᠯᠲᠠ ᠬᠢᠭᠰᠡᠨ ᠪᠢᠯᠡ᠃ ᠲᠤᠰ ᠵᠢᠯ ᠤᠨ ᠬᠢᠨᠢ 9 | ᠳ᠋ᠦ᠋ᠭᠡᠷ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ | ᠳᠠᠶᠢᠨ ᠢᠯᠠᠯᠲᠠ ᠣᠯᠣᠭᠰᠠᠨ 70 ᠵᠢᠯ ᠤᠨ ᠤᠢ ᠶᠢᠨ ᠳᠤᠷᠠᠰᠬᠠᠯ ᠤᠨ ᠲᠡᠮᠳᠡᠭ ᠣᠯᠭᠤᠬᠤ ᠶᠣᠰᠣᠯᠠᠯ ᠳᠡᠭᠡᠷ᠎ᠡ᠂ ᠶᠠᠫᠤᠨ ᠢ | ᠡᠰᠡᠷᠭᠦᠴᠡᠭᠰᠡᠨ ᠳᠠᠶᠢᠨ ᠳᠤ ᠣᠷᠣᠯᠴᠠᠭᠰᠠᠨ ᠠᠬᠠᠮᠠᠳ ᠪᠠᠶᠢᠯᠳᠤᠭᠴᠢ ᠠᠬᠠᠮᠠᠳ ᠨᠥᠬᠦᠳ᠂ ᠶᠠᠫᠤᠨ ᠢ ᠡᠰᠡᠷᠭᠦᠴᠡᠭᠰᠡᠨ | ᠳᠠᠶᠢᠨ ᠤ ᠵᠠᠩᠵᠤᠨ ᠺᠣᠮᠠᠨᠳ᠋ᠯᠠᠭᠴᠢ ᠨᠠᠷ᠂ ᠳᠤᠮᠳᠠᠳᠤ ᠤᠯᠤᠰ ᠤᠨ ᠶᠠᠫᠤᠨ ᠢ ᠡᠰᠡᠷᠭᠦᠴᠡᠭᠰᠡᠨ ᠳᠠᠶᠢᠨ ᠢ ᠬᠠᠪᠰᠤᠷᠤᠨ | ᠳᠡᠮᠵᠢᠭᠰᠡᠨ ᠤᠯᠠᠨ ᠤᠯᠤᠰ ᠤᠨ ᠨᠥᠬᠦᠷᠰᠡᠭ ᠬᠥᠮᠥᠰ ᠪᠤᠶᠤ ᠨᠥᠭᠴᠢᠭᠰᠡᠳ ᠤᠨ ᠭᠡᠷ ᠪᠦᠯᠢ ᠶᠢᠨ ᠲᠥᠯᠥᠭᠡᠯᠡᠭᠴᠢᠳ ᠲᠤ | ᠳᠤᠷᠠᠰᠬᠠᠯ ᠤᠨ ᠲᠡᠮᠳᠡᠭ ᠭᠠᠷᠳᠠᠭᠤᠯᠪᠠ᠃ | ᠦᠭᠡ ᠶᠠᠷᠢᠶ᠎ᠠ ᠦᠢᠯᠡ ᠠᠵᠢᠯᠯᠠᠭ᠎ᠠ ᠪᠦᠬᠦᠨ ᠳᠤ ᠨᠢ ᠴᠢᠩ ᠦᠨᠡᠨᠴᠢ ᠰᠡᠳᠬᠢᠯ ᠪᠢᠯᠬᠠᠷᠠᠨᠠᠮ᠂ ᠰᠡᠳᠬᠢᠯ ᠢ | ᠬᠥᠳᠡᠯᠭᠡᠮ᠎ᠡ ᠬᠤᠷᠣᠮ ᠮᠦᠴᠡ ᠶᠢ ᠬᠠᠮᠲᠤ ᠪᠠᠷ ᠡᠷᠭᠢᠴᠡᠭᠦᠯᠵᠡᠭᠡᠶᠡ᠃ | |