ᠰᠢᠨ ᠴᠧᠩ ᠵᠡᠭᠡᠯᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/14
    5 ᠰᠠᠷ᠎ᠠ ᠶᠢᠨ 12 ᠤᠨ ᠡᠳᠦᠷ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠡ᠃ ᠬᠤᠷᠡᠯ ᠲᠡᠭᠡᠷ᠎ᠡ᠂ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠳᠠᠬᠢ ︽ᠬᠦᠴᠦᠷᠬᠡᠭ ᠶᠡᠭᠡ ᠨᠢᠭᠲᠠᠷᠠᠯ ᠤᠨ ᠬᠦᠴᠦᠨ ᠪᠠ ᠵᠢᠯᠣᠭᠤᠳᠣᠨ ᠳᠠᠭᠠᠭᠤᠯᠬᠤ ᠬᠦᠴᠦᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠤᠶ᠎ᠠ —— ᠨᠠᠮ ᠤᠨ ᠰᠣᠶᠣᠯ ᠤᠨ ᠤᠳᠤᠷᠢᠳᠬᠤ ᠡᠷᠬᠡ ᠶᠢ ᠪᠠᠷᠢᠮᠲᠠᠯᠠᠬᠤ ᠲᠤᠬᠠᠶ︾ ᠠᠭᠤᠯᠭ᠎ᠠ ᠶᠢ ᠲᠤᠰᠬᠠᠶ ᠰᠡᠳᠦᠪ ᠢᠶᠠᠷ ᠰᠤᠷᠤᠯᠴᠠᠪᠠ᠃ ᠵᠡᠭᠡᠯᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠠᠯᠠᠭ᠎ᠠ ᠮᠥᠴᠢᠷ ᠵᠢᠴᠢ ᠬᠤᠶᠠᠷ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠲᠤᠰ ᠤᠳᠠᠭᠠᠨ ᠤ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠰᠢᠨ ᠴᠧᠩ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠤᠯᠠᠨ ᠢ ᠳᠠᠭᠠᠭᠤᠯᠤᠨ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠬᠤ ᠬᠥᠲᠥᠯᠪᠦᠷᠢ︾ ᠶᠢᠨ ᠬᠠᠮᠢᠶ᠎ᠠ ᠪᠦᠬᠦᠢ ᠠᠭᠤᠯᠭ᠎ᠠ ᠶᠢ ᠭᠦᠨᠵᠡᠭᠡᠢ ᠰᠤᠳᠤᠯᠤᠨ ᠰᠣᠷᠣᠯᠴᠠᠵᠣ᠂ ᠨᠠᠮ ᠤᠨ ᠰᠣᠶᠣᠯ ᠤᠨ ᠤᠳᠤᠷᠢᠳᠬᠤ ᠡᠷᠬᠡ ᠶᠢ ᠪᠠᠷᠢᠮᠲᠠᠯᠠᠵᠤ ᠡᠷᠬᠡ ᠮᠡᠳᠡᠯ ᠳᠤ ᠬᠤᠯᠪᠣᠭᠳᠠᠬᠤ ᠪᠡᠶ᠎ᠡ ᠪᠠᠨ ᠳᠠᠭᠠᠭᠠᠭᠰᠠᠨ ᠴᠢᠨᠠᠷ᠂ ᠰᠣᠶᠣᠯ ᠤᠨ ᠭᠤᠣᠯ ᠴᠣᠭᠴᠠᠲᠤ ᠴᠢᠨᠠᠷ ᠪᠣᠯᠤᠨ ᠲᠡᠦᠬᠡ ᠶᠢᠨ ᠰᠠᠨᠠᠭᠠᠴᠢᠯᠠᠭᠠᠲᠤ ᠴᠢᠨᠠᠷ ᠵᠡᠷᠭᠡ ᠭᠤᠷᠪᠠᠨ ᠲᠠᠯ᠎ᠠ ᠠᠴᠠ ᠭᠦᠨᠵᠡᠭᠡᠢ ᠲᠠᠶᠢᠯᠤᠮᠵᠢ ᠬᠢᠵᠡᠢ᠃    ᠬᠤᠷᠠᠯ ᠳᠤ᠂ ᠦᠵᠡᠯ ᠤᠬᠠᠮᠰᠠᠷ ᠤᠨ ᠬᠡᠯᠪᠡᠷᠢᠴᠢ ᠠᠵᠢᠯ ᠤᠨ ᠤᠳᠤᠷᠢᠳᠬᠤ ᠡᠷᠬᠡ᠂ ᠬᠠᠮᠢᠶᠠᠷᠬᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠳᠡᠵᠦ᠂ ᠬᠡᠵᠢᠶ᠎ᠡ ᠴᠦ ᠭᠡᠰᠡᠨ ᠣᠮᠳᠡᠭᠠᠶᠢᠯᠠᠵᠣ ᠪᠣᠯᠬᠤ ᠥᠬᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠳᠠᠮᠵᠢᠭᠤᠯᠭ᠎ᠠ ᠶᠢᠨ ᠬᠦᠴᠦᠨ ᠂ ᠬᠦᠳᠦᠯᠦᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠤᠯᠠᠨ ᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ ᠤ ᠵᠢᠭᠰᠠᠭᠠᠯ ᠤᠨ ᠭᠠᠵᠠᠷ ᠢ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠨᠠᠮ ᠤᠨ ᠰᠣᠶᠣᠯ ᠤᠨ ᠤᠳᠤᠷᠢᠳᠬᠤ ᠡᠷᠬᠡ ᠶᠢ ᠪᠠᠷᠢᠮᠲᠠᠯᠠᠬᠤ ᠶᠢᠨ ᠴᠢᠬᠤᠯᠠ ᠴᠢᠨᠠᠷ ᠢ ᠭᠦᠨᠵᠡᠭᠡᠶ ᠲᠠᠨᠢᠬᠤ ᠬᠡᠷᠡᠭᠲᠡᠶ᠃ ᠬᠤᠶᠢᠰᠢᠳᠠ ᠶᠢᠨ ᠠᠵᠢᠯ ᠤᠨ ᠳᠤᠮᠳᠠ ᠪᠠᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ ᠵᠢᠭᠠᠵᠣ ᠭᠠᠷᠭᠠᠪᠡ᠃
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢᠳᠣ ᠰᠢᠨ ᠴᠸᠡᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号