2025 ᠣᠨ ᠤ 5 ᠰᠠᠷ᠎ᠠ ᠶᠢᠨ 12 ᠤᠨ ᠡᠳᠦᠷ ᠪᠣᠯ 17 ᠳ᠋ᠤᠭᠠᠷ ︽ᠪᠥᠬᠦ ᠤᠯᠤᠰ ᠤᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠪᠣᠯᠤᠨ᠎ᠠ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠭᠠᠮᠰᠢᠭ ᠢ | ᠰᠡᠷᠭᠡᠶᠢᠯᠡᠵᠦ ᠠᠶᠤᠯ ᠠᠴᠠ ᠵᠠᠶᠢᠯᠠᠬᠤ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ | ᠲᠥᠯᠥᠭᠡ᠂ 5 ᠰᠠᠷ᠎ᠠ ᠶᠢᠨ 12 ᠤᠨ ᠡᠳᠦᠷ᠂ ᠷᠡᠰᠢᠶᠠᠨ ᠬᠤᠳᠡ ᠶᠢᠨ ᠸᠨᠴᠢᠤᠸᠠᠨ ᠵᠡᠭᠡᠯᠢ ᠶᠢᠨ ᠱᠧᠨᠴᠢᠣᠸᠠᠨ | ᠨᠡᠶᠢᠭᠡᠮ ᠲᠣᠭᠤᠷᠢᠭ ︽ᠬᠥᠮᠦᠨ ᠪᠣᠯᠭᠠᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠣᠯᠭᠠᠨ ᠪᠠᠴᠢᠮ ᠪᠠᠶᠢᠳᠠᠯ ᠢ | ᠠᠷᠭᠠᠴᠠᠭᠠᠵᠣ ᠴᠢᠳᠡᠨ᠎ᠠ —— ᠳᠡᠷᠭᠡᠳᠡᠬᠢ ᠭᠠᠢ ᠭᠠᠮᠰᠢᠭ ᠬᠡᠮ ᠰᠣᠭᠤᠭ ᠢ ᠪᠠᠶᠢᠴᠠᠭᠠᠬᠤ︾ ᠭᠡᠬᠦ ᠭᠤᠤᠯ | ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠲᠣᠰ ᠠᠵᠢᠯᠯᠠᠭ᠎ᠠ ᠳᠤ᠂ ᠨᠡᠶᠢᠭᠡᠮ ᠲᠣᠭᠤᠷᠢᠭ ᠤᠨ ᠠᠵᠢᠯᠲᠠᠨ᠂ ᠲᠣᠣᠷᠵᠢᠭᠤᠯᠣᠬᠴᠢ᠂ ᠰᠠᠶᠢᠨ ᠳᠤᠷ᠎ᠠ ᠶᠢᠨ | ᠣᠶᠢᠯᠡᠴᠢᠯᠡᠭᠴᠢ ᠨᠠᠷ ᠢᠶᠠᠷ ᠪᠦᠷᠢᠯᠳᠥᠭᠰᠠᠨ ᠠᠴᠠ ᠤᠬᠠᠭᠤᠯᠤᠨ ᠲᠠᠶᠢᠯᠪᠤᠷᠢᠯᠠᠬᠤ ᠡᠩᠨᠡᠭᠡ ᠂ ᠰᠠᠭᠤᠭᠠᠯᠢ ᠠᠷᠠᠳ ᠲᠤ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠪᠡ᠃ ᠭᠠᠷ ᠳᠡᠪᠲᠡᠷ ᠤᠨ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ | ᠭᠠᠵᠠᠷ ᠬᠥᠳᠡᠯᠦᠯᠲᠡ᠂ ᠭᠠᠯ ᠤᠨ ᠠᠶᠤᠯ ᠵᠡᠷᠭᠡ ᠪᠠᠶᠢᠩᠭᠤ ᠲᠣᠬᠢᠶᠠᠯᠳᠤᠬᠤ ᠭᠠᠮᠰᠢᠭ ᠢ ᠰᠡᠷᠭᠡᠶᠢᠯᠡᠬᠦ ᠬᠢᠭᠡᠳ | ᠥᠪᠡᠷ ᠢ ᠪᠠᠨ ᠠᠪᠤᠷᠠᠬᠤ ᠮᠡᠳᠡᠯᠭᠡ ᠶᠢ ᠬᠠᠮᠤᠷᠴᠤ᠂ ᠰᠠᠭᠤᠭᠠᠯᠢ ᠠᠷᠠᠳ ᠲᠤ ᠪᠠᠶᠢᠭᠠᠯᠢ ᠶᠢᠨ ᠭᠠᠮᠰᠢᠭ ᠭᠠᠷᠤᠭᠰᠠᠨ | ᠰᠢᠯᠲᠠᠭᠠᠨ᠂ ᠨᠥᠯᠥᠭᠡ ᠪᠠ ᠦᠷ᠎ᠡ ᠳ᠋ᠦᠩ ᠢ ᠣᠶᠢᠯᠠᠭᠠᠭᠤᠯᠪᠡ᠃ | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠸᠧᠨᠴᠢᠣᠸᠠᠨ ᠵᠡᠭᠡᠯᠢ ᠶᠢᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠦᠨᠳᠦᠰᠦᠨ ᠮᠡᠳᠡᠯᠭᠡ ᠶᠢ ᠪᠦᠲᠦᠮᠵᠢᠲᠡᠶ ᠲᠦᠭᠡᠮᠡᠯᠵᠢᠭᠦᠯᠵᠦ᠂ ᠬᠠᠷᠢᠶ᠎ᠠ ᠣᠷᠣᠨ ᠤ | ᠰᠠᠭᠤᠭᠠᠯᠢ ᠠᠷᠠᠳ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠨᠡᠮᠡᠭᠳᠡᠭᠦᠯᠦᠨ᠂ | ᠲᠠᠳᠡᠨ ᠢ ᠬᠠᠪᠰᠤᠷᠤᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ | ᠡᠵᠡᠮᠰᠢᠭᠦᠯᠵᠦ᠂ ᠪᠥᠬᠦ ᠠᠷᠠᠳ ᠢᠶᠠᠷ ᠢᠶᠠᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯᠯᠠᠭ᠎ᠠ ᠳᠤ | ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ |