ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠤᠢ | ᠪᠣᠯᠭᠠᠬᠤ ᠶᠢᠨ ᠲᠦᠯᠣᠭᠡ᠂ 5 ᠰᠠᠷ᠎ᠠ ᠶᠢᠨ 12 ᠤᠨ ᠡᠳᠦᠷ᠂ ᠷᠡᠰᠢᠶᠠᠨ ᠬᠤᠳᠡ ᠶᠢᠨ ᠲᠢᠶᠠᠨ ᡂᠢ ᠨᠡᠶᠢᠭᠡᠮ | ᠲᠣᠭᠤᠷᠢᠭ ᠤᠨ ᠠᠵᠢᠯᠲᠠᠳ ᠲᠢᠶᠠᠨ ᡂᠢ ᠨᠡᠶᠢᠭᠡᠮ ᠲᠣᠭᠤᠷᠢᠭ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠨᠡᠶᠢᠭᠡᠮᠯᠢᠭ ᠤᠨ ᠪᠦᠷᠢᠯᠳᠦᠬᠦᠨ ᠲᠠᠢ ᠬᠠᠮᠳᠣᠷᠡᠨ | ᠬᠠᠷᠢᠶ᠎ᠠ ᠣᠷᠣᠨ ᠳᠠᠭᠠᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠤᠬᠠᠭᠤᠯᠭ᠎ᠠ ᠶᠢᠨ ᠠᠵᠢᠯᠯᠠᠭ᠎ᠠ ᠶᠢ | ᠪᠥᠬᠦ ᠲᠠᠯ᠎ᠠ ᠪᠠᠷ ᠥᠷᠨᠢᠭᠦᠯᠪᠡ᠃ | ᠲᠣᠰ ᠠᠵᠢᠯᠯᠠᠭ᠎ᠠ ᠳᠤ᠂ ᠨᠡᠶᠢᠭᠡᠮ ᠲᠣᠭᠤᠷᠢᠭ ᠤᠨ ᠠᠵᠢᠯᠲᠠᠳ ︽ᠡᠷᠲᠡ ᠪᠠᠶᠢᠴᠠᠭᠠᠨ᠂ ᠡᠷᠲᠡ ᠢᠯᠡᠷᠡᠬᠦᠯᠵᠤ᠂ | ᠡᠷᠲᠡ ᠰᠢᠢᠳᠪᠣᠷᠢᠯᠠᠨ ᠠᠷᠢᠯᠭᠠᠬᠤ︾ ᠠᠵᠢᠯ ᠤᠨ ᠰᠡᠳᠬᠢᠮᠵᠢ ᠪᠠᠷ᠂ ᠴᠠᠢ ᠾᠧ ᠲᠣᠰᠬᠤᠨ᠂ ᠨᠠᠨ ᠭᠸᠦ | ᠲᠣᠰᠬᠤᠨ ᠢᠶᠠᠷ ᠬᠦᠷᠴᠣ ᠰᠠᠭᠤᠭᠠᠯᠢ ᠠᠷᠠᠳ ᠲᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ | ᠂ ᠲᠤᠬᠠᠶ ᠶᠢᠨ ᠲᠠᠯᠠᠪᠤᠷ ᠲᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠬᠠᠮᠢᠶ᠎ᠠ ᠪᠥᠬᠦᠶ | ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠢ ᠲᠠᠶᠢᠴᠢᠯᠡᠨ ᠬᠠᠤᠯᠢ ᠴᠠᠭᠠᠵᠠ ᠶᠢᠨ ᠠᠷᠭ᠎ᠠ | ᠵᠠᠮ ᠢᠶᠠᠷ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ᠂ ᠥᠪᠡᠷ ᠤᠨ ᠬᠠᠤᠯᠢ ᠶᠣᠰᠣᠨ ᠤ | ᠡᠷᠬᠡ ᠠᠰᠢᠭ ᠢᠶᠠᠨ ᠬᠠᠮᠠᠭᠠᠯᠠᠬᠤ ᠶᠢ ᠲᠠᠶᠢᠴᠢᠯᠡᠨ ᠵᠢᠯᠤᠭᠤᠳᠪᠠ᠃ | ᠲᠣᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠠᠮᠤᠭᠤᠯᠠᠩ ᠨᠡᠶᠢᠭᠡᠮ | ᠲᠣᠭᠤᠷᠢᠭ ᠢ ᠬᠠᠮᠳᠣᠪᠡᠷ ᠪᠠᠶᠢᠭᠤᠯᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠲᠠᠷᠠᠭᠠᠴᠢ ᠶᠢᠨ | ᠠᠯᠬᠤᠮ ᠳᠤ᠂ ᠲᠢᠶᠠᠨ ᡂᠢ ᠨᠡᠶᠢᠭᠡᠮ ᠲᠣᠭᠤᠷᠢᠭ ᠤᠨ ᠬᠢᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠠᠷᠢᠯᠭᠠᠬᠤ ᠪᠠ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠤᠬᠠᠭᠤᠯᠤᠨ ᠲᠠᠶᠢᠯᠪᠤᠷᠢᠯᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠣᠯᠠᠨ ᠠᠷᠠᠳ ᠲᠦᠮᠡᠨ ᠢ ᠵᠢᠯᠣᠭᠤᠳᠴᠤ ᠪᠠᠶᠢᠭᠠᠳ ᠡᠩ ᠤᠨ | ᠦᠶ᠎ᠡ ᠳᠤ ᠬᠠᠤᠯᠢ ᠶᠢ ᠰᠤᠷᠤᠯᠴᠠᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠵᠢᠯ ᠶᠠᠪᠤᠳᠠᠯ | ᠰᠢᠢᠳᠪᠦᠷᠢᠯᠡᠬᠦ ᠳᠡᠭᠡᠨ ᠬᠠᠤᠯᠢ ᠶᠢ ᠰᠠᠬᠢᠬᠤ᠂ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠤᠯᠢ ᠶᠢ ᠲᠦᠰᠢᠭᠯᠡᠬᠦ | ᠤᠬᠠᠮᠰᠠᠷ ᠢ ᠪᠣᠶ ᠪᠣᠯᠭᠠᠵᠤ᠂ ᠵᠥᠷᠢᠴᠡᠯ ᠵᠢᠭᠤᠷᠠᠯᠳᠤᠭᠠᠨ ᠡᠭᠦᠰᠬᠦ ᠶᠢ ᠦᠨᠡᠨ ᠬᠦ ᠰᠡᠷᠭᠡᠶᠢᠯᠡᠨ ᠪᠠᠭᠠᠰᠬᠠᠨ᠎ᠠ᠃ |