ᠢᠷᠪᠢᠰ ᠵᠡᠭᠡᠯᠢ ᠬᠤᠲᠠ ᠶᠢᠨ ᠬᠠᠮᠢᠶᠠᠷᠣᠯᠲᠠ ᠶᠢᠨ ᠲᠣᠪᠴᠢᠶ᠎ᠠ ᠲᠠᠢ ᠬᠤᠯᠪᠣᠭᠠᠯᠠᠨ ᠲᠣᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2025/5/14
     ᠬᠠᠷᠢᠶ᠎ᠠ ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠵᠢᠭᠤᠯᠴᠢᠯᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠳᠤᠯᠠᠭᠠᠨ ᠷᠠᠰᠢᠶᠠᠨ︾ ᠵᠢᠭᠤᠯᠴᠢᠯᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠦᠷᠭᠦᠯᠵᠢᠯᠡᠨ  ᠠᠬᠢᠭᠤᠯᠬᠤ ᠶᠢᠨ ᠲᠥᠯᠥᠭᠡ᠂ 5 ᠰᠠᠷ᠎ᠠ ᠶᠢᠨ 7 ᠤ ᠡᠳᠦᠷ ᠠᠴᠠ 9 ᠤ ᠡᠳᠦᠷ ᠪᠣᠯᠲᠠᠯ᠎ᠠ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠰᠦᠨ ᠵᠢᠶᠠᠨ ᠬᠡᠷᠡᠭ ᠡᠷᠬᠢᠯᠡᠬᠦ ᠭᠠᠵᠠᠷ ᠤᠨ ᠠᠵᠢᠯᠲᠠᠨ ᠢ ᠳᠠᠭᠠᠭᠤᠯᠤᠨ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠭᠡᠰᠢᠭᠦᠨ ᠲᠠᠢ ᠬᠠᠮᠳᠤ  ᠬᠠᠷᠢᠶ᠎ᠠ ᠣᠷᠣᠨ ᠤ ᠬᠤᠳᠠᠯᠳᠤᠭᠠᠴᠢᠨ ᠡᠷᠦᠬᠡ ᠶᠢᠨ ᠡᠭᠦᠳᠡᠨ ᠡᠮᠦᠨᠡᠬᠢ ︽ᠲᠠᠪᠤᠨ ᠳᠠᠭᠠᠭᠠᠴᠢᠯᠠᠯᠲᠠ︾ ᠵᠢᠴᠢ ᠪᠠᠷᠢᠯᠭ᠎ᠠ ᠶᠢᠨ ᠬᠤᠭ ᠨᠣᠪᠰᠢ ᠶᠢ ᠣᠪᠣᠭᠠᠯᠠᠬᠤ ᠠᠰᠠᠭᠤᠳᠠᠯ ᠳᠤ ᠴᠢᠭᠯᠡᠭᠦᠯᠦᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠶ᠎ᠠ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃    ᠴᠡᠭᠴᠡᠯᠡᠨ ᠵᠠᠰᠠᠬᠤ ᠠᠵᠢᠯᠯᠠᠭᠠᠨ ᠳᠤ᠂ ᠠᠵᠢᠯᠲᠠᠳ ᠡᠷᠦᠬᠡ ᠳᠠᠷᠠᠭᠠᠯᠠᠨ ᠬᠠᠷᠢᠶ᠎ᠠ ᠣᠷᠣᠨ ᠤ ᠪᠠᠨ ᠬᠤᠳᠠᠯᠳᠤᠭᠠᠴᠢᠨ ᠡᠷᠦᠬᠡ ᠪᠠᠷ ᠬᠦᠷᠴᠦ᠂ ᠡᠭᠦᠳᠡᠨ ᠡᠮᠦᠨᠡᠬᠢ ︽ᠲᠠᠪᠤᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢᠨ ᠲᠦᠷᠢᠮ ᠤᠨ ᠪᠣᠳᠠᠲᠠᠶ ᠠᠭᠤᠯᠭ᠎ᠠ ᠪᠠ ᠱᠠᠭᠠᠷᠳᠠᠯᠭ᠎ᠠ ᠶᠢ ᠬᠦᠯᠢᠴᠡᠩᠭᠦᠶ ᠪᠠᠷ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠬᠤᠳᠠᠯᠳᠤᠭᠠᠴᠢᠨ ᠡᠷᠦᠬᠡ ᠳᠤ ᠡᠭᠦᠳᠡᠨ ᠡᠮᠦᠨᠡᠬᠢ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠵᠦ᠂ ᠡᠳ᠋ ᠪᠣᠳᠠᠰ ᠢ ᠵᠢᠷᠤᠮᠵᠢᠭᠤᠯᠤᠨ ᠲᠠᠯᠪᠢᠵᠤ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠵᠡᠷᠭᠡ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠶ ᠭᠡᠵᠦ ᠮᠡᠳᠡᠭᠳᠡᠪᠡ᠃     ᠵᠢᠭᠰᠠᠭᠠᠨ ᠪᠠᠶᠢᠴᠠᠭᠠᠵᠤ ᠭᠠᠷᠭᠠᠭᠰᠠᠨ ᠬᠠᠷᠢᠶ᠎ᠠ ᠣᠷᠣᠨ ᠤ 3 ᠪᠠᠷᠢᠯᠭ᠎ᠠ ᠶᠢᠨ ᠭᠠᠵᠡᠷ ᠤᠨ ᠬᠤᠭ ᠨᠣᠪᠰᠢ ᠳᠤ ᠴᠢᠭᠯᠡᠭᠦᠯᠦᠨ᠂ ᠠᠵᠢᠯᠲᠠᠳ ᠲᠡᠷᠡ ᠳᠠᠷᠤᠶ ᠳᠤᠨᠢ ᠥᠮᠴᠢᠲᠡᠨ ᠲᠠᠢ ᠬᠠᠷᠢᠯᠴᠠᠵᠤ᠂ ᠴᠡᠪᠡᠷᠯᠡᠬᠦ ᠮᠡᠳᠡᠭᠳᠡᠯ ᠤᠨ ᠪᠢᠴᠢᠭ ᠪᠠᠭᠤᠯᠭᠠᠵᠤ᠂ ᠲᠣᠭᠲᠠᠭᠰᠠᠨ ᠴᠠᠭ ᠤᠨ ᠳᠣᠲᠣᠷ᠎ᠠ ᠬᠤᠭ ᠨᠣᠪᠰᠢ ᠶᠢ ᠴᠡᠪᠡᠷᠯᠡᠬᠦ ᠠᠵᠢᠯ ᠢ ᠪᠡᠶᠡᠯᠡᠭᠦᠯᠵᠦ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ᠂ ᠰᠠᠭᠤᠭᠠᠯᠢ ᠠᠷᠠᠳ᠂ ᠵᠢᠭᠤᠯᠴᠢᠯᠠᠬᠴᠢᠳ ᠤᠨ ᠶᠠᠪᠤᠵᠤ ᠰᠠᠭᠤᠬᠤ ᠳᠤ  ᠲᠦᠬᠦᠮ ᠬᠠᠩᠭᠠᠬᠤ ᠬᠡᠷᠡᠭᠲᠡᠶ ᠭᠡᠵᠦ ᠱᠠᠭᠠᠷᠳᠠᠪᠠ᠃    ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠨ ᠪᠠᠬᠢᠵᠢᠭᠦᠯᠬᠦ ᠶᠢᠨ ᠲᠥᠯᠥᠭᠡ᠂ ᠢᠷᠪᠢᠰ ᠵᠡᠭᠡᠯᠢ ᠶᠢᠨ ᠬᠢᠨ ᠷᠡᠰᠢᠶᠠᠨ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠣᠭᠠᠯᠠᠨ ᠲᠣᠭᠲᠠᠮᠠᠯ ᠬᠤᠭᠤᠴᠠᠭ᠎ᠠ ᠲᠠᠢ ᠪᠠᠷ ᠬᠤᠳᠠᠯᠳᠤᠭᠠᠴᠢᠨ ᠡᠷᠦᠬᠡ ᠪᠣᠯᠤᠨ ᠠᠮᠠᠷᠬᠠᠨ ᠠᠰᠠᠭᠤᠳᠠᠯ ᠡᠭᠦᠰᠬᠦ   ᠭᠠᠵᠡᠷ ᠣᠷᠣᠨ ᠢᠶᠠᠷ ᠬᠠᠷᠢᠭᠤ ᠰᠤᠷᠪᠤᠯᠵᠢᠯᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠷᠦᠯᠴᠡᠬᠦ ᠥᠬᠡᠶ ᠪᠤᠶᠤ ᠳᠠᠬᠢᠨ ᠢᠯᠡᠷᠡᠬᠦ ᠪᠠᠶᠢᠳᠠᠯ ᠡᠬᠦᠰᠪᠡᠯ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠴᠡᠪᠡᠷ ᠲᠡᠭᠰᠢ ᠪᠠ ᠭᠤᠶᠣ ᠰᠠᠶᠢᠬᠠᠨ ᠪᠠᠶᠢᠬᠤ ᠶᠢ  ᠦᠨᠡᠨ ᠬᠦ ᠪᠠᠲᠤᠯᠠᠵᠣ ᠪᠠᠶᠢᠨ᠎ᠠ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号