5 ᠰᠠᠷ᠎ᠠ ᠶᠢᠨ 11 ᠤ ᠡᠳᠦᠷ᠂ ᠷᠡᠰᠢᠶᠠᠨ ᠬᠤᠳᠡ ᠶᠢᠨ ᠡᠷᠬᠢᠮᠳᠣ ᠤᠷᠢᠳ ᠬᠤᠵᠢᠳ ᠡᠮᠴᠢᠯᠡᠭᠡᠨ ᠤ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠪ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠪᠣᠬᠢᠷ ᠤᠰᠤᠨ ᠤ | ᠬᠤᠭᠤᠯᠠᠢ ᠲᠣᠣᠷ ᠢ ᠥᠭᠡᠷᠡᠴᠢᠯᠡᠬᠦ ᠲᠤᠬᠠᠢ ᠶᠢᠨ ᠭᠠᠵᠠᠷ ᠢᠶᠠᠷ ᠬᠦᠷᠴᠦ᠂ ᠠᠮᠢ ᠠᠬᠤᠢ ᠣᠷᠴᠢᠨ ᠲᠣᠭᠤᠷᠢᠨ ᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠱᠠᠯᠠᠪᠳᠡᠭᠤᠯᠣᠨ | ᠪᠠᠶᠢᠴᠠᠭᠠᠵᠣ ᠬᠢᠨᠠᠨ ᠵᠢᠯᠣᠭᠤᠳᠪᠠ᠃ ᠬᠤᠳᠠ ᠶᠢᠨ ᠤᠳᠤᠷᠢᠳᠤᠯᠭ᠎ᠠ ᠯᠢ ᠫᠧᠩ᠂ ᠸᠠᠩ ᠬᠠᠢ ᠵᠢᠶᠦ᠋ᠨ ᠲᠣᠰ | ᠠᠵᠢᠯᠯᠠᠭ᠎ᠠ ᠳᠤ ᠣᠷᠣᠯᠴᠠᠪᠠ᠃ | ᠡᠷᠬᠢᠮᠳᠣ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠠ | ᠪᠠᠷ ᠴᠢᠬᠤᠯᠠᠴᠢᠯᠡᠨ ᠦᠵᠡᠵᠣ᠂ ᠴᠡᠭᠴᠡᠯᠡᠨ ᠰᠠᠶᠢᠵᠢᠷᠠᠭᠤᠯᠵᠤ ᠳᠠᠭᠤᠰᠤᠭᠠᠳᠤᠶ ᠲᠣᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ᠂ ᠬᠥᠮᠦᠨ ᠤ ᠬᠦᠴᠦᠨ᠂ ᠪᠣᠳᠠᠰ ᠤᠨ ᠬᠦᠴᠦᠨ᠂ ᠡᠳ᠋ ᠤᠨ ᠬᠦᠴᠦᠨ ᠤ | ᠣᠷᠣᠭᠤᠯᠤᠯᠲᠠ ᠪᠠᠨ ᠨᠡᠮᠡᠭᠳᠡᠭᠦᠯᠵᠦ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ | ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠠᠰᠠᠭᠤᠳᠠᠯ ᠢ ᠪᠥᠬᠦ ᠲᠠᠯ᠎ᠠ ᠪᠠᠷ | ᠰᠢᠢᠳᠪᠣᠷᠢᠯᠡᠨ ᠬᠦᠢᠴᠡᠳᠭᠡᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ | ᠠᠰᠠᠭᠤᠳᠠᠯ ᠤᠨ ᠨᠠᠷᠢᠨ ᠳᠠᠩᠰᠠ ᠪᠠᠶᠢᠭᠤᠯᠵᠤ᠂ ᠰᠠᠭᠤᠷᠢ ᠲᠤᠭ᠎ᠠ ᠨᠢ ᠲᠣᠳᠣᠷᠬᠠᠢ᠂ ᠪᠠᠶᠢᠳᠠᠯ ᠨᠢ ᠲᠣᠳᠣᠷᠬᠠᠢ | ᠪᠠᠶᠢᠬᠤ ᠬᠡᠷᠡᠭᠲᠡᠢ᠃ ᠣᠷᠴᠢᠨ ᠲᠣᠭᠤᠷᠢᠨ ᠤ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠡᠯ᠎ᠡ ᠲᠦᠷᠦᠯ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠬᠡᠷᠡᠭᠲᠡᠢ᠃ ᠡᠭᠦᠨ ᠤ ᠬᠠᠮᠲᠤ᠂ ᠨᠢᠭᠡ ᠠᠴᠠ ᠵᠦᠢᠴᠢᠯᠡᠵᠦ | ᠨᠦᠬᠦᠭᠡ ᠶᠢ ᠮᠡᠳᠡᠵᠦ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠡᠬᠦᠰᠭᠡᠭᠰᠠᠨ ᠰᠢᠯᠲᠠᠭᠠᠨ ᠢ ᠭᠦᠨᠵᠡᠭᠡᠢ | ᠵᠠᠳᠠᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠡᠭᠦᠰᠬᠦ ᠶᠢ ᠡᠬᠢ | ᠡᠭᠦᠰᠦᠯ ᠠᠴᠠ ᠨᠢ ᠰᠡᠷᠭᠡᠶᠢᠯᠡᠨ ᠡᠵᠡᠮᠳᠡᠵᠣ᠂ ᠷᠠᠰᠢᠶᠠᠨ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ | ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠱᠠᠯᠠᠪᠳᠠᠭᠤᠯᠤᠨ ᠵᠢᠯᠣᠭᠤᠳᠬᠤ ᠶᠠᠪᠤᠴᠠ ᠳᠤ᠂ ᠪᠠᠰᠠ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ | ᠵᠠᠰᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ |