ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠬᠤᠤᠷ ᠴᠠᠭᠠᠵᠠᠯᠠᠬᠤ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2025/5/14
      ᠬᠤᠤᠷ ᠴᠠᠭᠠᠵᠠᠯᠠᠬᠤ ᠤᠬᠠᠭᠤᠯᠭ᠎ᠠ ᠬᠦᠮᠦᠵᠢᠯ ᠤᠨ ᠠᠵᠢᠯ ᠢ ᠤᠯᠠᠮ ᠨᠢᠬᠡ ᠠᠯᠬᠤᠮ ᠴᠢᠩᠭᠠᠳᠬᠠᠵᠦ᠂ ᠤᠯᠠᠨ ᠲᠦᠮᠡᠨ ᠤ ᠬᠤᠤᠷ ᠢ ᠲᠠᠨᠢᠬᠤ᠂ ᠬᠤᠤᠷ ᠢ ᠰᠡᠷᠬᠡᠶᠢᠯᠡᠵᠦ᠂ ᠬᠤᠤᠷ ᠢ ᠲᠡᠪᠴᠢᠬᠦ ᠴᠢᠳᠠᠪᠦᠷᠢ ᠶᠢ ᠦᠨᠡᠨᠬᠦ ᠲᠡᠭᠡᠭᠰᠢᠯᠡᠬᠦᠯᠬᠦ ᠶᠢᠨ ᠲᠦᠯᠦᠬᠡ᠂ ᠤᠶᠢᠷ᠎ᠠ ᠳᠤ ᠷᠠᠰᠢᠶᠠᠨ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠡᠷᠡᠬᠦᠦ ᠲᠠᠩᠨᠠᠯᠳᠠ ᠶᠢᠨ ᠶᠡᠭᠡ ᠠᠩᠬᠢ ᠶᠢᠨ ᠬᠢᠨ ᠷᠠᠰᠢᠶᠠᠨ ᠬᠤᠳᠠ ᠶᠢᠨ ᠱᠧᠨ ᠴᠢᠤᠸᠠᠨ ᠨᠡᠶᠢᠬᠡᠮ ᠲᠤᠭᠤᠷᠢᠭ ᠪᠠ ᠸᠧᠨᠴᠢᠤᠸᠠᠨ ᠨᠡᠶᠢᠬᠡᠮ ᠲᠤᠭᠤᠷᠢᠭ ᠲᠤ ᠬᠦᠨᠵᠡᠬᠡᠶᠢᠷᠡᠨ ᠬᠤᠤᠷ ᠴᠠᠭᠠᠵᠠᠯᠠᠬᠤ᠂ ᠬᠤᠤᠷ ᠢ ᠨᠢᠭᠤᠴᠠ ᠪᠠᠷ ᠠᠷᠠᠯᠵᠢᠶᠠᠯᠠᠬᠤ ᠳᠤ ᠴᠤᠬᠢᠯᠳᠠ ᠦᠭᠬᠦ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠵᠦ᠂ ᠪᠦᠬᠦ ᠠᠷᠠᠳ ᠢᠶᠠᠷ ᠢᠶᠠᠨ ᠬᠤᠤᠷ ᠴᠠᠭᠠᠵᠠᠯᠠᠬᠤ᠂ ᠨᠢᠭᠤᠴᠠ ᠪᠠᠷ ᠬᠤᠤᠷ ᠠᠷᠠᠯᠵᠢᠶᠠᠯᠠᠬᠤ ᠶᠢ ᠡᠰᠡᠷᠬᠦᠴᠡᠬᠦ ᠬᠦᠨ ᠵᠤᠵᠠᠭᠠᠨ ᠠᠭᠤᠷ ᠠᠮᠢᠰᠬᠤᠯ ᠢ ᠪᠦᠷᠢᠯᠳᠦᠬᠦᠯᠵᠡᠢ᠃      ᠲᠤᠰ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠡᠷᠡᠬᠦᠦ ᠲᠠᠩᠨᠠᠯᠳᠠ ᠶᠢᠨ ᠶᠡᠭᠡ ᠠᠩᠬᠢ ᠶᠢᠨ ᠠᠷᠠᠳ ᠤᠨ ᠴᠠᠬᠳᠠᠭ᠎ᠠ ᠨᠠᠷ ᠨᠡᠶᠢᠬᠡᠮ ᠲᠤᠭᠤᠷᠢᠭ ᠤᠨ ᠤᠯᠠᠨ ᠲᠦᠮᠡᠨ ᠵᠢᠴᠢ ᠠᠵᠢᠯᠳᠠᠳ ᠲᠤ ᠬᠤᠤᠷ ᠴᠠᠭᠠᠵᠠᠯᠠᠬᠤ ᠵᠢᠴᠢ ᠨᠢᠭᠤᠴᠠ ᠪᠠᠷ ᠬᠤᠤᠷ ᠠᠷᠠᠯᠵᠢᠶᠠᠯᠠᠬᠤ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠲᠤᠬᠠᠢ ᠮᠡᠳᠡᠯᠬᠡ ᠶᠢ ᠲᠠᠶᠢᠯᠪᠦᠷᠢᠯᠠᠬᠰᠠᠨ ᠪᠦᠭᠡᠳ ᠲᠡᠳᠡᠨ ᠳᠤ ᠤᠬᠠᠭᠤᠯᠭ᠎ᠠ ᠶᠢᠨ ᠭᠠᠷ ᠲᠡᠪᠳᠡᠷ ᠲᠠᠷᠬᠠᠭᠠᠵᠠᠢ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠭᠤᠯᠤᠨ ᠬᠤᠤᠷ ᠴᠠᠭᠠᠵᠠᠯᠠᠬᠤ ᠮᠡᠳᠡᠯᠬᠡ ᠶᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠠᠢ᠃ ︵ᠵᠠᠩ ᠵᠢᠩ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号