ᠡᠨᠡ ᠬᠠᠪᠤᠷ ᠡᠯᠡᠰᠦᠨ ᠰᠢᠭᠤᠷᠭ᠎ᠠ ᠲᠡᠭᠳᠡᠬᠦ ᠦᠵᠡᠭᠳᠡᠯ ᠪᠠᠭ᠎ᠠ ᠰᠢᠭ ᠢᠯᠡᠷᠡᠨ᠎ᠠ
ᠨᠡᠶᠢᠲᠡᠯᠡᠭᠰᠡᠨ ᠴᠠᠭ᠄
2025/5/14
      2 ᠰᠠᠷ᠎ᠠ ᠶᠢᠨ 24 ᠤ ᠡᠳᠦᠷ᠂ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠴᠠᠭ ᠠᠭᠤᠷ᠂ ᠣᠶ ᠰᠢᠭᠤᠢ᠂ ᠨᠤᠲᠤᠭ ᠪᠡᠯᠴᠢᠭᠡᠷ᠂ ᠴᠦᠯᠯᠡᠷᠭᠡᠭᠵᠢᠯ ᠵᠡᠷᠭᠡ ᠬᠦᠷᠢᠶᠡᠨ ᠤ ᠲᠤᠰᠬᠠᠢ ᠮᠡᠷᠭᠡᠵᠢᠯᠲᠡᠨ ᠤ ᠬᠤᠯᠪᠣᠭ᠎ᠠ ᠶᠢᠨ ᠵᠥᠪᠳᠡᠯᠴᠡᠨ ᠵᠢᠱᠢᠭᠰᠡᠨ ᠢᠶᠠᠷ᠂ ᠡᠨᠡ ᠬᠠᠪᠤᠷ ᠮᠠᠨ ᠤ ᠤᠯᠤᠰ ᠤᠨ ᠤᠮᠠᠷᠠᠲᠤ ᠶᠢᠨ ᠡᠯᠡᠰᠦᠨ ᠰᠢᠭᠤᠷᠭ᠎ᠠ ᠲᠡᠭᠳᠡᠬᠦ ᠴᠠᠭ ᠠᠭᠤᠷ ᠤᠨ ᠶᠠᠪᠤᠴᠠ ᠶᠢᠨ ᠲᠤᠭ᠎ᠠ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠭ᠎ᠠ ᠪᠠᠶᠢᠵᠤ᠂ ᠡᠯᠡᠰᠦᠨ ᠰᠢᠭᠤᠷᠭ᠎ᠠ ᠶᠢᠨ ᠡᠳᠦᠷ ᠤᠨ ᠲᠤᠭ᠎ᠠ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠲᠠᠢ ᠣᠶᠢᠷᠠᠳᠬᠤ ᠪᠣᠯᠣᠨ᠎ᠠ᠃      ᠶᠡᠷᠦᠩᠬᠡᠶᠢᠯᠡᠭᠰᠡᠨ ᠵᠠᠳᠠᠯᠤᠯᠲᠠ ᠠᠴᠠ ᠦᠵᠡᠪᠡᠯ᠂ ᠡᠨᠡ ᠬᠠᠪᠤᠷ ᠮᠠᠨ ᠤ ᠤᠯᠤᠰ ᠤᠨ ᠤᠮᠠᠷᠠᠲᠤ ᠣᠷᠣᠨ ᠢ ᠨᠥᠯᠥᠭᠡᠯᠡᠬᠦ ᠬᠦᠢᠲᠡᠨ ᠠᠭᠠᠷ ᠤᠨ ᠠᠵᠢᠯᠯᠠᠭ᠎ᠠ ᠶᠡᠷᠦᠩᠬᠡᠢ ᠳᠡᠭᠡᠨ ᠪᠠᠭᠤᠷᠠᠢ ᠪᠠᠶᠢᠵᠤ᠂ ᠡᠯᠡᠰᠦ ᠲᠣᠭᠤᠰᠤᠨ ᠤ ᠠᠭᠤᠷ ᠠᠮᠢᠰᠬᠤᠯ ᠢ ᠬᠥᠳᠡᠯᠭᠡᠬᠦ ᠬᠦᠴᠦᠨ ᠤ ᠨᠥᠬᠦᠴᠡᠯ ᠬᠠᠷᠢᠴᠠᠩᠭᠤᠢ ᠪᠠᠷ ᠠᠨᠠᠢ ᠮᠥᠷᠲᠡᠭᠡᠨ ᠭᠤᠣᠯ ᠪᠣᠯᠬᠤ ᠡᠯᠡᠰᠦ ᠲᠣᠭᠤᠰᠣᠨ ᠤ ᠰᠤᠷᠪᠤᠯᠵᠢ ᠶᠢᠨ ᠣᠷᠣᠨ ᠤ ᠤᠷᠭᠤᠮᠠᠯ ᠤᠨ ᠪᠦᠷᠬᠦᠴᠡ ᠶᠢᠨ ᠤᠷᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠰᠠᠶᠢᠨ ᠪᠠᠶᠢᠵᠤ᠂ ᠬᠠᠪᠤᠷ ᠤᠨ ᠤᠯᠠᠷᠢᠯ ᠤᠨ ᠡᠯᠡᠰᠦ ᠲᠣᠭᠤᠰᠣᠨ ᠤ ᠴᠠᠭ ᠠᠭᠤᠷ ᠪᠠᠭ᠎ᠠ ᠢᠯᠡᠷᠡᠬᠦ ᠳᠤ ᠠᠰᠢᠭᠲᠠᠢ ᠪᠠᠶᠢᠳᠠᠭ᠃      ᠡᠨᠡ ᠬᠠᠪᠤᠷ ᠮᠠᠨ ᠤ ᠤᠯᠤᠰ ᠤᠨ ᠤᠮᠠᠷᠠᠲᠤ ᠣᠷᠣᠨ ᠤ ᠡᠯᠡᠰᠦᠨ ᠰᠢᠭᠤᠷᠭ᠎ᠠ ᠶᠢᠨ ᠴᠠᠭ ᠠᠭᠤᠷ ᠤᠨ ᠪᠠᠶᠢᠳᠡᠯ 9 — 12 ᠤᠳᠠᠭ᠎ᠠ ᠢᠯᠡᠷᠡᠵᠦ᠂ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ︵12.5 ᠤᠳᠠᠭ᠎ᠠ︶ ᠠᠴᠠ ᠪᠠᠭ᠎ᠠ ᠰᠢᠭ ᠪᠠᠶᠢᠵᠤ᠂ 2024 ᠣᠨ ᠤ ᠠᠳᠠᠯᠢ ᠬᠤᠭᠤᠴᠠᠭᠠᠨ ᠤ ᠬᠢ ︵10 ᠤᠳᠠᠭ᠎ᠠ︶ ᠲᠠᠢ ᠣᠢᠢᠷᠠᠯᠴᠠᠭ᠎ᠠ ᠪᠠᠶᠢᠨ᠎ᠠ᠃
 
ᠢᠷᠡᠯᠲᠡ᠄ ᠬᠦᠯᠥᠭ ᠰᠢᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号