118.57% ᠪᠠᠷ ᠦᠰᠴᠡᠢ︕
ᠨᠡᠶᠢᠲᠡᠯᠡᠭᠰᠡᠨ ᠴᠠᠭ᠄
2025/5/14
      ᠣᠶᠢᠷ᠎ᠠ ᠳᠤ᠂ ᠰᠢᠵᠢᠷ ᠠᠯᠲᠠᠨ ᠤ ᠦᠨ᠎ᠡ ᠶᠡᠭᠡ ᠪᠠᠷ ᠦᠰᠴᠦ ᠪᠠᠶᠢᠬᠤ ᠪᠠᠷ ᠪᠠᠷᠠᠬᠤ ᠦᠭᠡᠢ᠂ ︽ᠺᠣᠹᠧ ᠶᠢᠨ ᠪᠤᠷᠴᠠᠭ︾ — ᠡᠨᠡ ᠬᠦ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠦᠨ᠎ᠡ ᠶᠢᠨ ᠥᠰᠦᠯᠲᠡ ᠴᠤ 118.57% ᠳᠤ ᠬᠦᠷᠴᠡᠢ᠃      ᠣᠶᠢᠯᠠᠭᠠᠭᠰᠠᠨ ᠢᠶᠠᠷ᠂ ᠶᠦᠨᠨᠠᠨ ᠪᠣᠯ ᠮᠠᠨ ᠤ ᠤᠯᠤᠰ ᠤᠨ ᠺᠣᠹᠧ ᠲᠠᠷᠢᠬᠤ ᠬᠡᠪᠴᠢᠶ᠎ᠡ ᠪᠠᠷ ᠬᠠᠮᠤᠭ ᠶᠡᠭᠡ ᠮᠤᠵᠢ ᠪᠤᠯᠤᠨ᠎ᠠ᠃ ᠣᠳᠣᠬᠠᠨ ᠳᠤ᠂ ᠶᠦᠨᠨᠠᠨ ᠮᠤᠵᠢ ᠶᠢᠨ  ᠫᠦ᠋ ᠡᠯ ᠬᠤᠲᠠ ᠶᠢᠨ ᠺᠣᠹᠧ ᠳᠠᠷᠢᠬᠤ ᠲᠠᠯᠠᠪᠠᠶ 68 ᠲᠦᠮᠡᠨ ᠮᠦ ᠣᠷᠴᠢᠮ ᠳᠤ ᠲᠣᠭᠲᠠᠪᠤᠷᠢᠵᠢᠵᠤ᠂ ᠭᠠᠷᠤᠯᠲᠠ ᠨᠢ ᠪᠥᠬᠦ ᠤᠯᠤᠰ ᠤᠨ 50% ᠠᠴᠠ ᠳᠡᠭᠡᠭᠰᠢᠬᠢ ᠶᠢ ᠡᠵᠡᠯᠡᠵᠦ᠂ ᠺᠣᠹᠧ ᠳᠠᠷᠢᠬᠤ ᠨᠢ ᠨᠢᠭᠡᠨᠲᠡ ᠲᠤᠬᠠᠢ ᠶᠢᠨ ᠭᠠᠵᠠᠷ ᠤᠨ ᠲᠤᠯᠭᠠᠭᠤᠷᠢ ᠠᠵᠤ ᠦᠢᠯᠡᠰ ᠪᠣᠯᠵᠠᠢ᠃      ᠶᠦᠨᠨᠠᠨ ᠮᠤᠵᠢ ᠶᠢᠨ ᠫᠦ᠋ ᠡᠯ ᠬᠤᠲᠠ ᠶᠢᠨ ᠴᠠᠢ ᠪᠠ ᠺᠣᠹᠧ ᠶᠢᠨ ᠠᠵᠤ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ ᠵᠠᠩ ᠰᠢᠶᠦ᠋ᠩ᠄ ︽ᠵᠢᠱᠢᠯᠲᠡ ᠪᠠᠷ ᠫᠦ᠋ ᠡᠯ ᠬᠤᠳᠡ ᠶᠢᠨ ᠺᠣᠹᠧ ᠶᠢᠨ ᠲᠦᠭᠦᠬᠡᠢ ᠪᠤᠷᠴᠠᠭ ᠤᠨ ᠭᠠᠷᠤᠯᠲᠠ 5.8 ᠲᠦᠮᠡᠨ ᠲᠣᠨ ᠣᠷᠴᠢᠮ ᠪᠠᠶᠢᠵᠤ᠂ ᠲᠦᠷᠦᠭᠦᠦ ᠵᠢᠯ ᠤᠨ ᠬᠢ ᠲᠠᠢ ᠦᠨᠳᠦᠰᠦᠨ ᠳᠡᠭᠡᠨ ᠠᠳᠠᠯᠢ ᠪᠣᠯᠣᠨ᠎ᠠ᠃ ᠣᠳᠣᠬᠠᠨ ᠤ ᠵᠠᠬ᠎ᠠ ᠳᠡᠯᠭᠡᠭᠦᠷ ᠤᠨ ᠦᠨ᠎ᠡ ᠶᠢᠨ ᠵᠠᠳᠠᠯᠤᠯᠲᠠ ᠶᠢ ᠦᠨᠳᠦᠰᠦᠯᠡᠪᠡᠯ᠂ ᠦᠢᠯᠡᠳᠬᠦᠨ ᠤ ᠥᠷᠲᠡᠭ 100 ᠳ᠋ᠦᠩᠰᠢᠭᠤᠷ ᠲᠥᠭᠦᠷᠢᠭ ᠢ ᠳᠠᠪᠠᠵᠦ᠂ ᠪᠢᠳᠡᠨ ᠤ ᠺᠣᠹᠧ ᠳᠠᠷᠢᠭᠰᠠᠨ ᠠᠴᠠ ᠨᠠᠭᠠᠰᠢᠬᠢ ᠬᠠᠮᠤᠭ ᠤᠨ ᠰᠠᠶᠢᠨ ᠨᠢᠭᠡ ᠵᠢᠯ ᠪᠣᠯᠣᠨ᠎ᠠ︾ ᠬᠡᠵᠡᠢ᠃
 
ᠢᠷᠡᠯᠲᠡ᠄ ᠬᠦᠯᠥᠭ ᠰᠢᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号