5 ᠰᠠᠷ᠎ᠠ ᠶᠢᠨ 13 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠬᠤᠳᠠ ᠶᠢᠨ | ᠲᠠᠷᠤᠭ᠎ᠠ ᠡᠷᠬᠢᠮᠳᠣ ᠮᠤᠩᠭᠤᠯ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠶᠢᠨ ᠵᠥᠪᠯᠡᠭᠴᠢ᠂ ᠣᠨᠴᠠ | ᠡᠯᠴᠢᠨ᠂ MAK ︵ᠮᠠᠺᠡ︶ ᠺᠤᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ ᠪ᠊ · ᠨᠢᠮᠠᠲ᠋ᠠᠶᠢᠱᠢᠷ ᠨᠠᠷ ᠲᠠᠢ ᠬᠠᠮᠳᠤ | ᠲᠤᠮᠳᠠᠳᠤ ᠮᠤᠩᠭᠤᠯ ᠤᠯᠤᠰ ᠤᠨ ᠬᠢᠯᠢ ᠶᠢᠨ ᠪᠤᠭᠤᠮᠳᠠ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠶᠠᠪᠤᠳᠠᠯ ᠤᠨ | ᠲᠤᠬᠠᠢ ᠰᠠᠨᠠᠯ ᠢᠶᠠᠨ ᠰᠤᠯᠢᠯᠴᠠᠨ ᠶᠠᠷᠢᠯᠴᠠᠪᠠ᠃ ᠬᠢᠩᠭᠠᠨ ᠠᠶᠢᠮᠠᠭ ᠤᠨ ᠵᠠᠬᠢᠷᠭ᠎ᠠ ᠶᠢᠨ ᠭᠠᠳᠠᠭᠠᠳᠤ ᠶᠠᠪᠤᠳᠠᠯ ᠤᠨ | ᠠᠯᠪᠠᠨ ᠭᠡᠷ ᠤᠨ ᠳᠡᠳ᠋ ᠡᠷᠬᠢᠯᠡᠭᠴᠢ ᠰᠣᠳᠣ ᠬᠤᠷᠡᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠢᠯᠢ ᠠᠯᠤᠰᠯᠠᠭᠰᠠᠨ ᠵᠢᠭᠤᠯᠴᠢᠯᠠᠯ ᠤᠨ | ᠬᠠᠮᠲᠤᠷᠠᠯᠴᠠᠭ᠎ᠠ᠂ ᠤᠮᠠᠷᠠᠲᠤ ᠬᠢᠯᠢ ᠶᠢᠨ ᠰᠣᠶᠣᠯ ᠢ ᠬᠠᠮᠲᠤ ᠪᠠᠷ ᠪᠠᠶᠢᠭᠤᠯᠬᠤ᠂ ᠪᠣᠭᠤᠮᠲᠠ ᠶᠢᠨ ᠰᠠᠭᠤᠷᠢ | ᠲᠥᠬᠦᠭᠡᠷᠦᠮᠵᠢ ᠶᠢ ᠲᠡᠰ ᠳᠡᠪᠰᠢᠭᠦᠯᠬᠦ᠂ ᠡᠨᠧᠷᠭᠢ ᠶᠢᠨ ᠠᠷᠠᠯᠵᠢᠶᠠᠨ ᠤ ᠵᠠᠮ ᠢ ᠪᠦᠳᠦᠭᠡᠨ ᠪᠠᠶᠢᠭᠤᠯᠬᠤ ᠵᠡᠷᠭᠡ | ᠵᠦᠢᠯᠡᠰ ᠤᠨ ᠲᠣᠭᠤᠷᠢᠨ ᠳᠤ ᠭᠦᠨᠵᠡᠭᠡᠢ ᠰᠣᠯᠢᠯᠴᠠᠵᠤ᠂ ᠮᠠᠰᠢ ᠤᠯᠠᠨ ᠬᠠᠮᠲᠤ ᠶᠢᠨ ᠲᠠᠨᠢᠯᠲᠠ ᠲᠠᠢ ᠪᠣᠯᠪᠠ᠃ | ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠵᠠᠰᠠᠭ ᠤᠨ ᠣᠷᠳᠣᠨ ᠤ ᠲᠦᠷᠦ ᠶᠢᠨ ᠪᠤᠳᠤᠯᠭ᠎ᠠ ᠶᠢᠨ | ᠵᠢᠯᠤᠭᠤᠳᠤᠯᠭ᠎ᠠ ᠳᠤ ᠰᠠᠭᠤᠷᠢᠯᠠᠨ᠂ ᠪᠠᠶᠢᠩᠭᠤ ᠶᠢᠨ ᠶᠢᠨ ᠴᠢᠨᠡᠷᠳᠡᠢ ᠬᠠᠷᠢᠯᠴᠠᠬᠤ ᠲᠣᠭᠲᠠᠴᠠ ᠶᠢ ᠪᠠᠶᠢᠭᠤᠯᠵᠣ᠂ | ᠣᠷᠣᠨ ᠪᠦᠰᠡ ᠶᠢᠨ ᠲᠥᠯᠥᠪᠵᠢᠭᠦᠯᠭᠡ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠢᠯᠢ ᠠᠯᠤᠰᠯᠠᠭᠰᠠᠨ ᠠᠵᠤ | ᠦᠢᠯᠡᠰ ᠤᠨ ᠬᠠᠮᠵᠢᠯᠴᠠᠭᠠᠨ ᠤ ᠵᠠᠭᠪᠤᠷ ᠤᠨ ᠰᠢᠨ᠎ᠡ ᠶᠢ ᠡᠭᠦᠳᠬᠦ᠂ ᠬᠢᠯᠢ ᠶᠢᠨ ᠪᠣᠭᠤᠮᠲᠠ ᠪᠠᠷ ᠥᠩᠭᠡᠷᠡᠬᠦ ᠶᠢ | ᠳᠥᠭᠦᠮᠴᠢᠯᠡᠬᠦ ᠵᠡᠷᠭᠡ ᠭᠤᠷᠪᠠᠨ ᠲᠠᠯ᠎ᠠ ᠠᠴᠠ ᠭᠤᠣᠯᠳᠡᠯᠭ᠎ᠠ ᠲᠠᠢ ᠶᠠᠷᠢᠯᠴᠠᠵᠣ᠂ ᠡᠯ᠎ᠡ ᠵᠦᠢᠯ ᠤᠨ ᠬᠠᠮᠲᠤ ᠶᠢᠨ | ᠲᠠᠨᠢᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠬᠠᠮᠲᠤᠷᠠᠯᠴᠠᠭ᠎ᠠ ᠬᠢᠵᠦ ᠬᠠᠮᠲᠤᠪᠠᠷ | ᠠᠰᠢᠭ ᠬᠦᠷᠳᠡᠬᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠬᠠᠮᠳᠣᠪᠡᠷ ᠪᠡᠶᠡᠯᠡᠭᠦᠯᠦᠨ᠎ᠡ ᠭᠡᠪᠡ᠃ | ᠲᠣᠰ ᠤᠳᠠᠭᠠᠨ ᠤ ᠬᠤᠷᠠᠯ ᠨᠢ ᠷᠠᠰᠢᠶᠠᠨ ᠬᠤᠲᠠ ᠪᠣᠯᠤᠨ ᠮᠣᠩᠭᠤᠯ ᠤᠯᠤᠰ ᠤᠨ ᠡᠯ᠎ᠡ ᠠᠵᠤ ᠠᠬᠤᠶᠢᠯᠠᠯ ᠤᠨ | ᠬᠢᠯᠢ ᠶᠢᠨ ᠪᠣᠭᠤᠮᠲᠠ ᠶᠢᠨ ᠠᠵᠤ ᠠᠬᠤᠶ ᠶᠢᠨ ᠬᠦᠷᠢᠶᠡᠨ ᠳᠠᠬᠢ ᠬᠠᠮᠲᠤᠷᠠᠯᠴᠠᠭ᠎ᠠ ᠳᠤ ᠰᠠᠭᠤᠷᠢ ᠲᠠᠯᠪᠢᠵᠤ᠂ ︽ᠨᠢᠭᠡ | ᠪᠦᠰᠡ ᠨᠢᠭᠡ ᠵᠠᠮ︾ ᠢ ᠬᠠᠮᠲᠣᠪᠡᠷ ᠪᠥᠲᠥᠭᠡᠨ ᠪᠠᠶᠢᠭᠤᠯᠬᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠴᠣᠭᠴᠠᠯᠠᠬᠤ᠂ ᠳᠤᠮᠳᠠᠳᠤ ᠮᠣᠩᠭᠤᠯ ᠤᠨ ᠨᠥᠬᠦᠷᠰᠡᠭ ᠶᠠᠪᠤᠯᠴᠠᠭ᠎ᠠ ᠶᠢ ᠴᠢᠩᠭᠠᠳᠬᠠᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ |