ᠰᠢᠶᠠᠩᠭᠠᠩ ᠤᠨ ᠵᠦᠩ ᠪᠦᠦ ᠪᠡᠯᠡ ᠣᠷᠣᠭᠤᠯᠤᠯᠲᠠ ᠶᠢᠨ ᠪᠦᠯᠦᠭᠯᠡᠯ ᠵᠦᠩ ᠺᠠᠩ ᠬᠠᠮᠲᠤᠷᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠷᠠᠰᠢᠶᠠᠨ ᠢᠶᠠᠷ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2025/5/15
    5 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ᠂ ᠰᠢᠶᠠᠩᠭᠠᠩ ᠤᠨ ᠵᠥᠩ ᠪᠦᠦ ᠪᠠᠯᠠ ᠣᠷᠣᠭᠤᠯᠤᠯᠲᠠ ᠶᠢᠨ ᠪᠦᠯᠦᠭᠯᠡᠯ᠂ ᠵᠥᠩ ᠺᠠᠩ ᠬᠠᠮᠲᠤᠷᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠤᠯᠠ ᠪᠠᠶᠢᠭ᠎ᠠ ᠡᠳ᠋ ᠬᠥᠷᠥᠩᠭᠡ ᠶᠢ ᠠᠰᠢᠬᠯᠡᠬᠤ᠂ ᠬᠠᠯᠠᠭᠤᠨ ᠷᠠᠰᠢᠶᠠᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠶᠠᠪᠤᠳᠠᠯ ᠤᠨ ᠲᠤᠬᠠᠶ ᠷᠠᠰᠢᠶᠠᠨ ᠬᠤᠲᠠ ᠪᠠᠷ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠠᠷᠭ᠎ᠠ ᠵᠠᠮ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠡᠷᠬᠢᠮᠲᠦ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠡᠷᠬᠢᠮᠳᠣ᠂ ᠷᠠᠰᠢᠶᠠᠨ ᠬᠤᠳᠠ ᠶᠢ ︽ᠤᠯᠤᠰ ᠤᠨ ᠳᠣᠲᠣᠭᠠᠳᠤ ᠳᠤ ᠨᠠᠷ᠎ᠡ ᠠᠯᠳᠠᠷᠰᠢᠬᠰᠠᠨ᠂ ᠳᠡᠯᠡᠬᠡᠢ ᠳ᠋ᠠᠬᠢᠨ  ᠳᠤ ᠲᠡᠷᠢᠭᠦᠨ ᠲᠠᠰ ᠤᠨ︾ ᠵᠢᠭᠤᠯᠴᠢᠯᠠᠯ ᠤᠨ ᠬᠤᠳᠠ ᠪᠣᠯᠭᠠᠬᠤ ᠬᠠᠷᠠᠯᠲᠠ ᠶᠢ ᠲᠦᠷᠭᠡᠳᠭᠡᠨ ᠪᠠᠶᠠᠯᠠᠬᠦᠯᠵᠤ᠂ ᠲᠦᠷᠦ ᠶᠢᠨ ᠪᠤᠳᠤᠯᠭ᠎ᠠ ᠶᠢᠨ ᠠᠰᠢᠭ ᠬᠦᠷᠳᠡᠭᠡᠯ ᠪᠣᠯᠤᠨ ᠡᠬᠢ ᠪᠠᠶᠠᠯᠢᠭ ᠤᠨ ᠳᠠᠪᠠᠭᠤᠯᠢᠭ ᠨᠢ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠳᠤ ᠣᠷᠴᠢᠨ ᠨᠦᠬᠦᠴᠠᠯ ᠬᠠᠩᠭᠠᠬᠰᠠᠨ ᠪᠠᠶᠢᠨ᠎ᠠ᠃ ᠢᠷᠡᠭᠡᠳᠦᠢ ᠳᠤ᠂ ᠷᠠᠰᠢᠶᠠᠨ ᠬᠤᠳᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠵᠠᠷ ᠰᠢᠷᠣᠢ ᠶᠢᠨ ᠬᠠᠩᠭᠠᠯᠭ᠎ᠠ᠂ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠲᠠᠯ᠎ᠠ ᠪᠠᠷ ᠠᠵᠤ ᠠᠬᠤᠶᠢᠯᠠᠯ ᠳᠤ ᠪᠦᠬᠦ ᠲᠠᠯ᠎ᠠ ᠶᠢᠨ ᠳᠡᠮᠵᠢᠯᠭᠡ ᠦᠵᠡᠭᠦᠯᠬᠦ ᠭᠡᠷᠡᠭᠳᠡᠢ᠃ ᠬᠤᠶᠠᠷ ᠲᠠᠯ᠎ᠠ ᠪᠠᠷ ᠢᠶᠠᠨ ︽ᠰᠤᠯᠠ ᠪᠠᠶᠢᠭ᠎ᠠ ᠡᠳ᠋ ᠬᠥᠷᠥᠩᠭᠡ + ᠬᠠᠯᠠᠭᠤᠨ ᠷᠡᠰᠢᠶᠠᠨ᠂ ᠷᠠᠰᠢᠶᠠᠨ ᠤ ᠡᠬᠢ ᠪᠠᠶᠠᠯᠢᠭ ︾ ᠢ ᠬᠠᠮᠵᠢᠯᠴᠠᠨ ᠨᠡᠭᠡᠭᠡᠨ ᠬᠥᠭᠵᠢᠭᠦᠯᠬᠦ ᠵᠠᠭᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠵᠢᠭᠤᠯᠴᠢᠯᠠᠯ ᠤᠨ ᠶᠡᠷᠦᠩᠬᠡᠢ ᠴᠣᠭᠴᠠ᠂ ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤ ᠵᠡᠷᠭᠡ ᠬᠡᠪ ᠳᠠᠭᠤᠷᠢᠶᠠᠯ ᠤᠨ ᠲᠥᠷᠥᠯ ᠵᠦᠢᠯ ᠢ ᠡᠬᠦᠳᠣᠨ ᠪᠠᠶᠢᠭᠤᠯᠵᠣ᠂ ︽ᠦᠯᠡᠳᠡᠭᠡᠯ ᠡᠳ᠋ ᠬᠥᠷᠥᠩᠭᠡ ᠶᠢ ᠠᠰᠢᠬᠯᠡᠨ᠂ ᠨᠡᠮᠡᠭᠳᠡᠯ ᠦᠷ᠎ᠡ ᠠᠰᠢᠭ ᠢ ᠬᠥᠭᠵᠢᠬᠦᠯᠬᠦ︾ ᠰᠠᠶᠢᠨ ᠣᠷᠴᠢᠯ ᠢ ᠪᠣᠶ ᠪᠣᠯᠭᠠᠵᠤ᠂ ᠷᠠᠰᠢᠶᠠᠨ ᠤ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠣ ᠴᠢᠬᠤᠯᠠᠴᠢᠯᠡᠪᠡ᠃    ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠲᠣᠰ ᠤᠳᠠᠭᠠᠨ ᠤ ᠪᠠᠶᠢᠴᠠᠭᠠᠨ ᠰᠤᠳᠤᠯᠵᠤ ᠰᠢᠨᠵᠢᠯᠡᠨ ᠪᠠᠶᠢᠴᠠᠭᠠᠭᠰᠠᠨ ᠦᠷ᠎ᠡ ᠪᠦᠲᠦᠭᠡᠯ ᠳᠤ ᠰᠠᠭᠤᠷᠢᠯᠠᠨ᠂ ᠲᠤᠰᠬᠠᠶ ᠪᠦᠯᠬᠦᠮ ᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠪᠣᠯᠤᠮᠵᠢᠲᠤ ᠰᠤᠳᠤᠯᠭᠠᠨ ᠢ ᠡᠬᠢᠯᠡᠭᠦᠯᠦᠨ᠂ ᠬᠠᠮᠲᠤᠷᠠᠯᠴᠠᠭᠠᠨ ᠤ ᠰᠠᠨᠠᠮᠵᠢ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠷᠠᠰᠢᠶᠠᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠲᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ ᠭᠡᠵᠡᠶ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号