ᠷᠠᠰᠢᠶᠠᠨ ᠬᠤᠲᠠ ᠶᠢᠨ ᠵᠣᠬᠢᠶᠠᠮᠠᠯ ᠣᠶᠤᠨ ᠴᠢᠳᠠᠪᠤᠷᠢ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠣᠨ ᠳᠤ ᠬᠦᠴᠣᠨ ᠨᠠᠮᠠᠷᠢᠯᠠᠵᠣ ᠪᠣᠢ
ᠨᠡᠶᠢᠲᠡᠯᠡᠭᠰᠡᠨ ᠴᠠᠭ᠄
2025/5/16
    ᠣᠶᠢᠷ᠎ᠠ ᠳᠤ᠂ ᠷᠠᠰᠢᠶᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠣᠮᠣ ᠳ᠋ᠠᠶᠢᠲ᠋ᠠ ᠶᠢᠨ ᠲᠥᠪ ᠵᠣᠬᠢᠶᠠᠮᠠᠯ ᠣᠶᠤᠨ ᠴᠢᠳᠠᠪᠤᠷᠢ ᠶᠢᠨ ᠰᠢᠰᠲ᠋ᠧᠮ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠬᠠᠷᠢᠭᠤ ᠪᠤᠴᠠᠭᠠᠬᠤ ᠠᠵᠢᠯ ᠤᠨ ᠬᠠᠭᠤᠳᠠᠰᠤ ᠶᠢᠨ ᠲᠡᠮᠳᠡᠭᠯᠡᠯ ᠤᠨ ᠲᠤᠭ᠎ᠠ ᠪᠠᠷᠢᠮᠲᠠ ᠶᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ︽12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠬᠠᠷᠢᠭᠤ ᠪᠤᠴᠠᠭᠠᠬᠤ ᠮᠡᠳᠡᠯᠭᠡ ᠶᠢᠨ ᠬᠥᠮᠥᠷᠭᠡ︾ ᠶᠢ ᠪᠠᠶᠢᠭᠤᠯᠵᠤ᠂ ᠣᠶᠤᠨᠴᠢ ᠪᠠᠷ ᠰᠤᠳᠤᠯᠤᠨ ᠮᠠᠭᠠᠳᠯᠠᠵᠤ ᠬᠠᠷᠢᠭᠤ ᠪᠤᠴᠠᠭᠠᠬᠰᠠᠨ ᠠᠵᠢᠯ ᠤᠨ ᠬᠠᠭᠤᠳᠠᠰᠤ ᠶᠢ ᠠᠮᠵᠢᠯᠲᠠ ᠲᠠᠢ ᠪᠠᠷ ᠪᠡᠶᠡᠯᠡᠭᠦᠯᠪᠡ᠃ 5 ᠰᠠᠷ᠎ᠠ ᠶᠢᠨ 14 ᠤ ᠡᠳᠦᠷ᠂ ᠲᠣᠭᠲᠠᠭᠰᠠᠨ ᠬᠠᠷᠠᠯᠲᠠ ᠪᠠᠨ ᠪᠡᠶᠡᠯᠡᠭᠦᠯᠦᠭᠰᠡᠨ ᠪᠥᠭᠡᠳ ᠪᠣᠳᠠᠲᠠᠶ ᠬᠡᠷᠡᠭᠯᠡᠯᠲᠡ ᠳᠤ ᠣᠷᠣᠭᠤᠯᠤᠭᠰᠠᠨ ᠪᠠᠶᠢᠨ᠎ᠠ᠃     DeepSeek ᠶᠢᠨ ᠬᠦᠴᠦᠷᠬᠡᠭ ᠶᠡᠭᠡ ᠣᠶᠤᠨ ᠤᠬᠠᠭᠠᠨ ᠤ ᠵᠠᠳᠠᠯᠤᠯᠲᠠ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ ᠠᠰᠢᠭᠯᠠᠵᠤ᠂ ᠰᠢᠰᠲ᠋ᠧᠮ ᠨᠢ ︽ᠠᠵᠢᠯ ᠤᠨ ᠬᠠᠭᠤᠳᠠᠰᠤ ᠶᠢ ᠬᠠᠷᠢᠭᠤ ᠪᠤᠴᠠᠭᠠᠬᠤ ᠮᠠᠳᠡᠯᠭᠡ ᠶᠢᠨ ᠬᠥᠮᠥᠷᠭᠡ︾ ᠳᠠᠬᠢ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠲᠦᠷᠭᠡᠳᠭᠡᠨ ᠲᠣᠬᠢᠷᠡᠭᠤᠯᠵᠤ᠂ ᠪᠦᠬᠦ ᠲᠠᠯ᠎ᠠ ᠶᠢᠨ ᠪᠥᠭᠡᠳ ᠭᠦᠨᠵᠡᠭᠡᠢ ᠰᠤᠳᠤᠯᠤᠨ ᠮᠠᠭᠠᠳᠯᠠᠬᠤ ᠠᠵᠢᠯ ᠢ ᠥᠷᠨᠢᠭᠦᠯᠬᠦ ᠶᠢ ᠪᠡᠶᠡᠯᠡᠭᠦᠯᠵᠡᠢ᠃ ᠰᠢᠰᠲ᠋ᠧᠮ ᠨᠢ ᠣᠷᠢᠳᠡᠪᠡᠷ ᠠᠵᠢᠯ ᠤᠨ ᠠᠭᠤᠯᠭ᠎ᠠ ᠳᠤ ᠨᠠᠷᠢᠨ ᠣᠨᠣᠪᠴᠢᠲᠠᠢ ᠦᠭᠡ ᠤᠳᠬ᠎ᠠ ᠶᠢᠨ ᠲᠣᠬᠠᠢ ᠵᠠᠳᠠᠯᠤᠯᠲᠠ ᠬᠢᠵᠦ᠂ ᠵᠠᠩᠭᠢᠯᠠᠭ᠎ᠠ ᠶᠢᠨ ᠮᠡᠳᠡᠭᠡ ᠵᠠᠩᠭᠢ ᠶᠢ ᠰᠢᠯᠵᠢᠵᠣ ᠭᠠᠷᠭᠠᠵᠣ᠂ ᠮᠡᠳᠡᠯᠭᠡ ᠶᠢᠨ ᠬᠥᠮᠥᠷᠭᠡ ᠶᠢᠨ ᠲᠡᠦᠬᠡᠨ ᠲᠡᠮᠳᠡᠭᠯᠡᠯ ᠪᠠ ᠠᠳᠠᠯᠢᠪᠲᠤᠷ ᠬᠡᠷᠡᠭ ᠤᠨ ᠵᠢᠱᠢᠶ᠎ᠡ ᠲᠠᠢ ᠠᠳᠡᠯᠢᠳᠬᠠᠨ ᠤᠯᠠᠨ ᠲᠠᠯ᠎ᠠ ᠠᠴᠠ ᠬᠠᠷᠢᠴᠠᠭᠤᠯᠣᠯᠳᠡ ᠬᠢᠵᠡᠢ᠃ ᠨᠠᠷᠢᠨ ᠪᠤᠳᠤᠯᠢᠶᠠᠨᠲᠠᠶ ᠪᠤᠳᠤᠬᠤ ᠠᠷᠭ᠎ᠠ ᠶᠢᠨ ᠵᠠᠭᠪᠤᠷ ᠢᠶᠠᠷ ᠠᠵᠢᠯ ᠤᠨ ᠬᠠᠭᠤᠳᠠᠰᠤ ᠪᠣᠯᠤᠨ ᠮᠡᠳᠡᠯᠭᠡ ᠶᠢᠨ ᠬᠥᠮᠥᠷᠭᠡ ᠳᠤᠮᠳᠠᠬᠢ ᠲᠦᠷᠢᠮ ᠪᠤᠶᠤ ᠬᠡᠷᠡᠭ ᠤᠨ ᠵᠢᠱᠢᠶ᠎ᠡ ᠶᠢᠨ ᠮᠥᠷᠭᠦᠯᠳᠦᠭᠡᠨ ᠣᠷᠣᠰᠢᠵᠤ ᠪᠠᠶᠢᠬᠤ ᠶᠢ ᠨᠠᠷᠢᠨ ᠲᠣᠳᠣᠷᠬᠠᠶ ᠵᠢᠭᠠᠨ ᠭᠠᠷᠭᠠᠵᠤ᠂ ᠶᠠᠮᠠᠷ ᠵᠦᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠦᠨᠳᠦᠰᠦᠯᠡᠨ ᠮᠠᠭᠠᠳᠯᠠᠯᠲᠠ ᠭᠠᠷᠭᠠᠵᠤ᠂ ᠬᠠᠮᠢᠶ᠎ᠠ ᠪᠥᠬᠦᠶ ᠠᠵᠢᠯᠲᠠᠨ ᠳᠤ ᠲᠣᠳᠣᠷᠬᠠᠢ ᠰᠣᠷᠠᠭ ᠵᠠᠩᠬᠢ ᠬᠠᠩᠭᠠᠵᠣ ᠴᠢᠳᠡᠵᠡᠢ᠃ ᠡᠭᠦᠨ ᠢᠶᠠᠷ ᠦᠯᠣ ᠪᠠᠷᠡᠨ᠂ ᠪᠠᠰᠠ ᠠᠰᠠᠭᠤᠳᠠᠯ ᠢ ᠨᠠᠷᠢᠯᠢᠭ ᠣᠨᠣᠴᠠᠲᠠᠶ ᠪᠠᠷ ᠣᠶᠢᠯᠠᠭᠠᠬᠤ ᠳᠤ ᠰᠠᠭᠤᠷᠢᠯᠠᠨ᠂ ᠶᠡᠭᠡ ᠬᠡᠮᠵᠢᠶᠡᠨ ᠤ ᠲᠤᠭ᠎ᠠ ᠪᠠᠷᠢᠮᠲᠠ ᠶᠢ ᠶᠡᠷᠦᠩᠬᠡᠶᠢᠯᠡᠨ ᠵᠠᠳᠠᠯᠤᠨ᠂ ᠥᠩᠭᠡᠷᠡᠭᠰᠡᠨ ᠤ ᠠᠮᠵᠢᠯᠲᠠ ᠲᠠᠢ ᠬᠡᠷᠡᠭ ᠤᠨ ᠵᠢᠱᠢᠶ᠎ᠡ ᠶᠢ ᠰᠢᠢᠳᠪᠦᠷᠢᠯᠡᠭᠰᠡᠨ ᠲᠤᠷᠰᠢᠯᠭ᠎ᠠ ᠲᠠᠢ ᠤᠶᠠᠯᠳᠤᠭᠤᠯᠵᠤ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨᠡᠨ ᠬᠦ ᠶᠠᠪᠤᠭᠳᠠᠭᠤᠰᠢᠲᠠᠢ ᠰᠢᠢᠳᠪᠦᠷᠢᠯᠡᠬᠦ ᠰᠠᠨᠠᠭᠤᠯᠭ᠎ᠠ ᠭᠠᠷᠭᠠᠬᠰᠠᠨ ᠪᠠᠶᠢᠨ᠎ᠠ᠃    ᠡᠨᠡ ᠬᠦ ᠰᠢᠨ᠎ᠡ ᠡᠭᠦᠳᠦᠯᠲᠡ ᠨᠢ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠦᠷ᠎ᠡ ᠪᠦᠲᠦᠮᠵᠢ ᠪᠠ ᠣᠨᠣᠪᠴᠢ  ᠶᠢᠨ ᠴᠢᠨᠠᠷ ᠢ ᠢᠯᠡᠳᠲᠡ ᠳᠡᠭᠡᠭᠰᠢᠯᠡᠭᠦᠯᠵᠦ᠂ ᠬᠥᠮᠦᠨ ᠤ ᠬᠦᠴᠦ ᠪᠠᠷ ᠮᠠᠭᠠᠳᠯᠠᠬᠤ ᠠᠯᠳᠠᠭ᠎ᠠ ᠶᠢ ᠪᠠᠭᠠᠰᠬᠠᠪᠠ᠃ ᠡᠭᠦᠨ ᠤ ᠬᠠᠮᠲᠤ᠂ ᠰᠢᠰᠲ᠋ᠧᠮ ᠳᠤ ᠲᠦᠰᠢᠭᠯᠡᠨ ᠬᠠᠩᠭᠠᠭᠰᠠᠨ ᠰᠠᠨᠠᠯ ᠰᠠᠨᠠᠭᠤᠯᠭ᠎ᠠ ᠳᠤ ᠲᠦᠰᠢᠭᠯᠡᠨ᠂ ᠠᠵᠢᠯᠲᠠᠳ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠨᠠᠩ ᠲᠦᠷᠭᠡᠨ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃
 
ᠢᠷᠡᠯᠲᠡ᠄ ᠷᠠᠰᠢᠶᠠᠨ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠮᠤ ᠳ᠋ᠠᠶᠢᠲ᠋ᠠ ᠶᠢᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号