ᠶᠠᠩ ᠶᠦᠩ ᠵᠢᠦ ᠣᠷᠳᠣᠰ ᠬᠤᠲᠠ ᠪᠠᠷ ᠬᠦᠷᠴᠦ ᠠᠷᠡᠯᠵᠢᠶᠠᠴᠢᠨ ᠤᠷᠢᠵᠤ ᠪᠠᠯᠠ ᠮᠦᠩᠬᠦ ᠣᠷᠣᠭᠤᠯᠣᠨ ᠠᠪᠴᠢᠷᠡᠬᠤ ᠠᠵᠢᠯ ᠢ ᠵᠣᠯᠭᠠᠭᠤᠯᠪᠡ
ᠨᠡᠶᠢᠲᠡᠯᠡᠭᠰᠡᠨ ᠴᠠᠭ᠄
2025/5/16
    ︽ᠵᠢᠷᠭᠤᠭᠠᠨ ᠠᠵᠢᠯᠯᠠᠭ᠎ᠠ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠪᠦᠰᠡ ᠶᠢᠨ ᠬᠠᠮᠵᠢᠯᠴᠠᠭ᠎ᠠ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠥᠯᠥᠭᠡ᠂ 5 ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠣᠷᠳᠣᠰ ᠬᠤᠲᠠ ᠪᠠᠷ ᠬᠦᠷᠴᠦ ᠠᠷᠡᠯᠵᠢᠶᠠᠴᠢᠨ ᠤᠷᠢᠵᠤ ᠪᠠᠯᠠ ᠮᠦᠩᠬᠦ ᠣᠷᠣᠭᠤᠯᠣᠨ ᠠᠪᠴᠢᠷᠡᠬᠤ ᠠᠵᠢᠯ ᠢ ᠵᠣᠯᠭᠠᠭᠤᠯᠪᠡ᠃     ᠣᠷᠳᠣᠰ ᠬᠤᠳᠡ ᠶᠢᠨ ᠤᠯᠠᠭᠠᠨ ᠪᠦᠯᠦᠭᠯᠡᠯ ᠳᠤ᠂ ᠶᠠᠩ ᠶᠦᠩ ᠵᠢᠦ ᠨᠠᠷ ᠶᠠᠩ ᠷᠦᠩ ᠬᠡᠷᠡᠭ ᠮᠡᠳᠡᠭᠴᠢᠳ ᠤᠨ ᠳᠠᠷᠤᠭ᠎ᠠ ᠵᠡᠷᠭᠡ ᠠᠵᠤ ᠠᠬᠤᠶᠢᠯᠠᠯᠲᠠᠨ ᠲᠠᠢ ᠰᠠᠨᠠᠯ ᠢᠶᠠᠨ ᠰᠣᠯᠢᠯᠴᠠᠵᠤ᠂ ᠬᠤᠶᠠᠷ ᠲᠠᠯ᠎ᠠ ᠪᠠᠷ ᠢᠶᠠᠨ ᠬᠠᠯᠠᠭᠤᠨ ᠷᠠᠰᠢᠶᠠᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠵᠦᠢᠯᠡᠰ ᠤᠨ ᠲᠤᠬᠠᠢ ᠠᠯᠢ ᠤᠯᠠᠨ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠪᠠ᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠷᠠᠰᠢᠶᠠᠨ ᠤ ᠬᠠᠯᠠᠭᠤᠨ ᠷᠠᠰᠢᠶᠠᠨ ᠪᠣᠯᠤᠨ ᠷᠠᠰᠢᠶᠠᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠪᠠᠶᠢᠩᠭᠤ ᠶᠢᠨ ᠴᠢᠨᠠᠷᠳᠡᠢ ᠵᠣᠯᠭᠠᠭᠤᠯᠵᠤ ᠬᠠᠷᠢᠯᠴᠠᠬᠤ ᠲᠣᠭᠲᠠᠴᠠ ᠶᠢ ᠪᠠᠶᠢᠭᠤᠯᠣᠨ᠂ ᠬᠠᠮᠲᠤᠷᠠᠯᠴᠠᠭᠠᠨ ᠤ ᠣᠷᠣᠨ ᠵᠠᠢ ᠶᠢ ᠲᠠᠰᠤᠷᠠᠯᠲᠠ ᠦᠭᠡᠢ ᠥᠷᠭᠡᠳᠬᠡᠵᠦ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠶᠢ ᠭᠦᠨᠵᠡᠭᠡᠶᠢᠷᠡᠭᠦᠯᠣᠨ᠂ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ ᠠᠮᠠᠷᠡᠯᠳᠡ ᠶᠢᠨ ᠵᠣᠴᠢᠳ ᠤᠨ ᠪᠠᠭᠤᠳᠠᠯ ᠢ ᠪᠦᠳᠦᠭᠡᠨ ᠪᠠᠶᠢᠭᠤᠯᠬᠤ᠂ ᠪᠦᠯᠥᠭᠯᠡᠯ ᠤᠨ ᠡᠷᠡᠬᠦᠯᠵᠢᠯ ᠰᠤᠪᠢᠯᠠᠯᠳ᠋ᠨ ᠠᠮᠠᠷᠡᠯᠳᠡ ᠶᠢᠨ ᠲᠠᠯ᠎ᠠ  ᠪᠠᠷ ᠥᠷᠨᠢᠭᠦᠯᠬᠦ ᠠᠵᠢᠯᠯᠠᠭ᠎ᠠ ᠶᠢᠨ ᠲᠣᠬᠠᠢ ᠪᠣᠳᠠᠲᠠᠢ ᠬᠠᠮᠲᠤᠷᠠᠯᠴᠠᠭᠠᠨ ᠤ ᠦᠷ᠎ᠡ ᠪᠦᠳᠣᠮᠵᠢ ᠶᠢ ᠪᠦᠷᠢᠯᠳᠦᠭᠦᠯᠵᠦ᠂ ᠬᠠᠷᠢᠯᠴᠠᠨ ᠬᠦᠭᠵᠢᠵᠤ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ  ᠪᠠᠲᠤᠯᠠᠨ᠎ᠠ ᠭᠡᠵᠡᠢ᠃     ᠣᠷᠳᠣᠰ ᠬᠤᠳᠡ ᠶᠢᠨ ᠫᠠᠨ ᠬᠤᠩ ᠪᠦᠯᠦᠭᠯᠡᠯ ᠳᠤ᠂ ᠶᠠᠩ ᠶᠦᠩ ᠵᠢᠦ ᠨᠠᠷ ᠵᠠᠩ ᠽᠧ ᠢᠦᠢ ᠶᠡᠷᠦᠩᠬᠡᠢ ᠳᠠᠭᠠᠭᠠᠮᠠᠯ ᠵᠡᠷᠭᠡ ᠠᠵᠤ ᠠᠬᠤᠶᠢᠯᠠᠯᠲᠠᠨ ᠲᠠᠢ ᠶᠠᠷᠢᠯᠴᠠᠨ ᠰᠣᠯᠢᠯᠴᠠᠵᠤ᠂ ᠬᠤᠶᠠᠷ ᠲᠠᠯ᠎ᠠ ᠪᠠᠷ ᠢᠶᠠᠨ ᠷᠠᠰᠢᠶᠠᠨ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠵᠦᠢᠯᠡᠰ ᠤᠨ ᠲᠤᠬᠠᠢ ᠬᠠᠮᠲᠤ ᠶᠢᠨ ᠲᠠᠨᠢᠯᠲᠠ ᠲᠠᠢ ᠪᠤᠯᠵᠤ᠂ ᠲᠤᠰ ᠤᠳᠠᠭᠠᠨ ᠤ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠰᠣᠯᠢᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠷᠠᠰᠢᠶᠠᠨ ᠬᠤᠳᠠ ᠶᠢ ᠨᠡᠭᠡᠭᠡᠨ ᠬᠥᠭᠵᠢᠭᠦᠯᠬᠦ᠂ ᠡᠷᠡᠭᠦᠯᠵᠢᠯ ᠰᠤᠪᠢᠯᠠᠯᠲᠠ ᠠᠮᠠᠷᠠᠯᠲᠠ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠦᠷᠬᠦᠯᠵᠢᠯᠡᠨ ᠭᠦᠨᠵᠡᠭᠡᠶᠢᠷᠡᠭᠦᠯᠵᠦ᠂ ᠲᠦᠷᠦᠯ ᠵᠦᠢᠯ ᠢ ᠲᠦᠷᠭᠡᠳᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠷᠠᠰᠢᠶᠠᠨ ᠤᠰᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠰᠠᠨᠠᠯ ᠨᠢᠭᠡᠲᠡᠢ ᠢᠯᠡᠳᠬᠡᠪᠡ᠃    ᠬᠤᠳᠠ ᠶᠢᠨ ᠤᠳᠤᠷᠢᠳᠤᠯᠭ᠎ᠠ ᠲᠠᠢ ᠬᠠᠢ ᠹᠧᠩ᠂ ᠦ᠋ ᠫᠸᠢ ᠨᠠᠷ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号