ᠷᠠᠰᠢᠶᠠᠨ ᠬᠤᠲᠠ ᠣᠢ ᠰᠢᠭᠤᠶ ᠨᠣᠳᠤᠭ ᠪᠡᠯᠴᠢᠭᠡᠷ ᠢ ᠡᠪᠳᠡᠵᠣ ᠰᠦᠢᠳᠬᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/16
    5 ᠰᠠᠷ᠎ᠠ ᠶᠢᠨ 14 ᠤ ᠡᠳᠤᠷ᠂ ᠷᠡᠰᠢᠶᠠᠨ ᠬᠤᠳᠠ ᠶᠢᠨ ᠨᠠᠮ ᠤᠨ ᠬᠤᠷᠢᠶᠡᠨ ᠤ ᠲᠡᠳ᠋ ᠱᠦᠵᠢ᠂ ᠬᠤᠳᠠ ᠶᠢᠨ ᠲᠠᠷᠤᠭ᠎ᠠ ᠡᠷᠬᠢᠮᠳᠤ ᠤᠢ ᠰᠢᠭᠤᠢ ᠨᠤᠳᠤᠭ ᠪᠡᠯᠴᠢᠭᠡᠷ ᠢ ᠡᠪᠳᠡᠵᠣ ᠰᠦᠢᠳᠬᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠷᠡᠯ ᠲᠡᠭᠡᠷ᠎ᠡ᠂ ᠲᠤᠪᠤᠶᠢᠮ᠎ᠠ ᠠᠰᠠᠭᠤᠳᠠᠯ ᠢ ᠵᠠᠳᠠᠯᠤᠨ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠤᠳᠤᠷᠢᠳᠤᠯᠭ᠎ᠠ ᠰᠦᠨ ᠪᠠᠢ ᠴᠤᠸᠠᠨ᠂ ᠯᠢ ᠫᠧᠩ᠂ ‍ᠣᠣᠢ ᠸᠧᠨ᠂ ᠯᠢ ᠶᠠᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ᠂ ᠣᠢ ᠰᠢᠭᠤᠶ ᠨᠣᠳᠤᠭ ᠪᠡᠯᠴᠢᠭᠡᠷ ᠢ ᠡᠪᠳᠡᠵᠣ ᠰᠦᠢᠳᠬᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠪᠥᠬᠦ ᠬᠤᠲᠠ ᠪᠠᠷ ᠢᠶᠠᠨ ᠣᠢ ᠰᠢᠭᠤᠶ ᠨᠣᠳᠤᠭ ᠪᠡᠯᠴᠢᠭᠡᠷ ᠢ ᠡᠪᠳᠡᠵᠣ ᠰᠣᠶᠢᠳᠭᠡᠬᠦ ᠠᠵᠢᠯ ᠢ  ᠡᠷᠡᠰ ᠡᠰᠠᠷᠬᠦᠴᠠᠬᠦ ᠪᠠᠷ ᠬᠠᠷᠠᠯᠲᠠ ᠪᠠᠨ ᠪᠣᠯᠭᠠᠵᠤ᠂ ︽ᠨᠣᠭᠤᠭᠠᠷᠠᠭᠤᠯᠤᠯᠲᠠ ᠶᠢ ᠬᠠᠮᠠᠭᠠᠯᠠᠬᠤ︾ ᠪᠠᠷ ᠬᠤᠷᠢᠭ᠎ᠠ ᠱᠤᠭᠤᠮ ᠢᠶᠠᠨ ᠪᠣᠯᠭᠠᠵᠤ᠂  ᠡᠪᠳᠡᠵᠣ ᠰᠣᠶᠢᠳᠭᠡᠬᠦ ᠠᠵᠢᠯ  ᠤᠨ ᠨᠡᠮᠡᠭᠳᠡᠯ ᠤᠨ ᠬᠡᠮᠵᠢᠶ᠎ᠡ ᠶᠢ ᠬᠤᠷᠢᠭᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠣᠳᠣᠬᠠᠨ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠣᠨ᠂ ᠵᠢᠷᠤᠭ ᠲᠣᠯᠪᠤ ᠶᠢ ᠬᠠᠪᠰᠣᠷᠭᠠᠬᠰᠠᠨ ᠬᠢᠨᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠪᠠᠶᠢᠴᠠᠭᠠᠵᠤ ᠳᠡᠶᠢᠯᠬᠦ᠂ ᠲᠤᠭᠤᠰᠢᠲᠠᠢ ᠬᠠᠮᠢᠶᠠᠷᠬᠤ᠂ ᠦᠨᠳᠣᠰᠣᠨ ᠠᠴᠠ  ᠨᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ᠃ ᠷᠠᠰᠢᠶᠠᠨ ᠤ ᠰᠧᠨ ᠭᠥᠩ ᠺᠣᠮᠫᠠᠨᠢ᠂ ᠦ᠋ ᠴᠠ ᠭᠸᠤ ᠤᠢ ᠰᠢᠭᠤᠢ ᠶᠢᠨ ᠲᠤᠪᠴᠢᠶ᠎ᠠ᠂ ᠪᠠᠢ ᠯᠠᠩ ᠤᠢ ᠰᠢᠭᠤᠢ ᠶᠢᠨ ᠲᠤᠪᠴᠢᠶ᠎ᠠ ᠲᠠᠢ ᠬᠤᠯᠪᠣᠭᠠᠯᠠᠵᠣ ᠬᠠᠤᠯᠢ ᠬᠡᠷᠡᠭᠵᠢᠭᠦᠯᠣᠯᠳ᠋ᠨ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠮᠠᠯ ᠪᠡᠯᠴᠢᠭᠡᠷᠯᠡᠬᠦᠯᠬᠦ᠂ ᠡᠪᠳᠡᠵᠣ ᠰᠦᠢᠳᠬᠡᠬᠦ ᠵᠡᠷᠭᠡ ᠠᠮᠢ ᠠᠬᠤᠢ ᠶᠢ ᠡᠪᠳᠡᠭᠰᠡᠨ ᠠᠵᠢᠯᠯᠠᠭ᠎ᠠ ᠶᠢ ᠪᠠᠶᠢᠴᠠᠭᠠᠵᠤ ᠴᠢᠩᠭ᠎ᠠ ᠵᠠᠯᠬᠠᠭᠠᠨ᠂ ᠲᠦᠷᠢᠮ ᠲᠣᠬᠳᠡᠭᠠᠯ ᠢ ︽ᠵᠥᠷᠢᠴᠡᠬᠦ ᠦᠭᠡᠢ᠂ ᠵᠥᠷᠢᠴᠡᠵᠦ ᠪᠣᠯᠬᠤ ᠦᠭᠡᠢ᠂ ᠵᠥᠷᠢᠴᠡᠬᠦ ᠪᠣᠳᠣᠯ ᠣᠷᠣᠬᠤ ᠦᠭᠡᠢ︾ ᠪᠠᠶᠢᠬᠤ ᠤᠷᠳᠤ ᠬᠤᠭᠤᠴᠠᠭᠠᠨ ᠤ ᠪᠦᠲᠦᠮᠵᠢᠲᠡᠢ ᠵᠠᠰᠠᠯᠲᠠ ᠶᠢᠨ ᠪᠠᠶᠢᠷᠢᠰᠢᠯ ᠢ ᠦᠨᠡᠨ ᠬᠦ ᠪᠠᠶᠢᠭᠤᠯᠬᠤ ᠬᠡᠷᠡᠭᠲᠡᠢ ᠭᠡᠵᠣ ᠴᠢᠬᠤᠯᠠᠴᠢᠯᠡᠪᠡ᠃   
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号