ᠰᠢᠨ ᠴᠧᠩ ᠵᠡᠭᠡᠯᠢ ︽ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠥᠭᠦᠯᠡᠯᠲᠡ︾ ᠶᠢ ᠲᠥᠪᠯᠡᠷᠡᠭᠦᠯᠦᠨ ᠰᠤᠷᠤᠯᠴᠠᠪᠠ
ᠨᠡᠶᠢᠲᠡᠯᠡᠭᠰᠡᠨ ᠴᠠᠭ᠄
2025/5/19
    ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠲᠣᠬᠠᠢ ᠬᠥᠮᠦᠵᠢᠯ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠬᠢᠨ ᠪᠥᠬᠦ ᠠᠵᠢᠯᠲᠠᠳ ᠢ ᠵᠣᠬᠢᠶᠠᠨ ᠪᠠᠶᠢᠭᠤᠯᠤᠨ ︽ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠢᠬᠤᠯᠠ ᠥᠭᠦᠯᠡᠯᠲᠡ︾ ᠶᠢ ᠲᠥᠪᠯᠡᠷᠡᠭᠦᠯᠦᠨ ᠰᠤᠷᠤᠯᠴᠠᠪᠠ᠃      ᠰᠣᠷᠣᠯᠴᠠᠯᠭ᠎ᠠ ᠶᠢᠨ ᠶᠠᠪᠣᠴᠠ ᠳᠤ᠂ ᠪᠦᠬᠦ ᠠᠵᠢᠯᠲᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠵᠡᠭᠡᠯᠢ ᠶᠢᠨ ᠡᠯ᠎ᠡ ᠲᠠᠯ᠎ᠠ ᠶᠢᠨ ᠠᠵᠢᠯ ᠳᠤ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠣᠬᠢᠴᠠᠩᠭᠤᠢ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠬᠤ ᠬᠡᠷᠡᠭᠲᠡᠢ᠃ ᠡᠳᠦᠷ ᠲᠤᠲᠤᠮ ᠤᠨ ᠠᠵᠢᠯ ᠤᠨ ᠳᠤᠮᠳᠠ᠂ ᠦᠨᠳᠦᠰᠦᠲᠡᠨ ᠨᠦᠭᠦᠳ ᠤᠨ ᠵᠠᠩ ᠳᠠᠳᠬᠠᠯ ᠪᠠ ᠰᠣᠶᠣᠯ ᠤᠨ ᠤᠯᠠᠮᠵᠢᠯᠠᠯ ᠢ ᠭᠦᠢᠴᠡᠳ ᠬᠦᠨᠳᠦᠳᠬᠡᠵᠦ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠬᠠᠩᠭᠠᠵᠣ᠂ ᠲᠡᠳᠡᠨ ᠤ ᠪᠣᠳᠠᠲᠠᠶ ᠠᠰᠠᠭᠤᠳᠠᠯ ᠢ ᠢᠳᠡᠪᠬᠢᠲᠡᠶ ᠪᠠᠷ ᠰᠢᠢᠳᠪᠦᠷᠢᠯᠡᠨ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠶ ᠭᠡᠵᠣ ᠴᠢᠬᠤᠯᠠᠴᠢᠯᠡᠪᠡ᠃    ᠲᠣᠰ ᠤᠳᠠᠭᠠᠨ ᠤ ᠲᠥᠪᠯᠡᠷᠡᠩᠭᠦᠶ ᠰᠤᠷᠤᠯᠴᠠᠯᠭ᠎ᠠ ᠪᠠᠷ ᠳᠡᠮᠵᠢᠨ᠂ ᠰᠢᠨ ᠴᠧᠩ ᠵᠡᠭᠡᠯᠢ ᠶᠢᠨ ᠪᠥᠬᠦ ᠠᠵᠢᠯᠲᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠪᠠ᠃ ᠤᠯᠠᠨ ᠢᠶᠠᠷ ᠢᠶᠠᠨ᠂ ᠲᠤᠰ ᠤᠳᠠᠭ᠎ᠠ ᠶᠢᠨ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠦᠪᠡᠷ ᠪᠡᠶ᠎ᠡ ᠶᠢᠨ ᠤᠯᠤᠰ ᠲᠦᠷᠦ ᠶᠢᠨ ᠬᠡᠪ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠶᠢᠰᠢᠳᠠ ᠶᠢᠨ ᠠᠵᠢᠯ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣ ᠴᠣᠬᠴᠠᠯᠠᠬᠤ ᠶᠢ ᠢᠳᠡᠪᠬᠢᠲᠡᠢ ᠦᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ
 
ᠢᠷᠡᠯᠲᠡ᠄ ᠪᠦᠯᠬᠦᠮᠳᠡᠨ ᠲᠡᠮᠡᠴᠡᠵᠦ ᠳᠤᠮᠳᠠᠬᠢ ᠷᠠᠰᠢᠶᠠᠨ ᠤ ᠷᠢᠳᠢ ᠰᠢᠳᠢᠳᠣ ᠰᠢᠨ ᠴᠸᠡᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号