ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠶᠢᠨ ᠲᠥᠯᠥᠭᠡ᠂ | ᠣᠶᠢᠷ᠎ᠠ ᠳᠤ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ︽ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠪᠥᠬᠦ | ᠲᠠᠯ᠎ᠠ ᠪᠠᠷ ᠥᠷᠨᠢᠭᠦᠯᠪᠡ᠃ ᠰᠢᠨ ᠴᠧᠩ ᠵᠡᠭᠡᠯᠢ ᠪᠠᠰᠠ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ | ᠂ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ︾ ᠭᠤᠣᠯ ᠰᠡᠳᠦᠪᠲᠦ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠨᠡᠶᠢᠭᠡᠮ ᠲᠣᠭᠤᠷᠢᠭ ᠤᠨ ᠠᠵᠢᠯᠲᠠᠨ ᠨᠠᠮ ᠤᠨ | ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ | ᠭᠦᠨᠵᠡᠭᠡᠶ ᠲᠠᠶᠢᠯᠤᠮᠵᠢ ᠬᠢᠵᠦ᠂ ᠬᠠᠷᠢᠶ᠎ᠠ ᠣᠷᠣᠨ ᠤ ᠰᠠᠭᠤᠭᠠᠯᠢ ᠠᠷᠠᠳ᠂ ᠴᠥᠭᠡᠨ ᠲᠣᠭᠠᠲᠤ ᠦᠨᠳᠦᠰᠦᠲᠡᠨ ᠤ | ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠶᠠᠷᠢᠯᠴᠠᠨ ᠰᠣᠯᠢᠯᠴᠠᠵᠤ᠂ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ | ᠥᠯᠢᠭᠡᠷ ᠢ ᠬᠤᠪᠢᠶᠠᠯᠴᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ | ᠲᠤᠬᠠᠶ ᠮᠡᠳᠡᠷᠡᠨ ᠵᠥᠪᠰᠢᠶᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠤᠯᠠᠮ ᠨᠢᠭᠡ ᠠᠯᠬᠤᠮ | ᠴᠢᠩᠭᠠᠳᠬᠠᠪᠠ᠃ ᠰᠦᠯᠵᠢᠶᠡᠨ ᠳᠡᠭᠡᠷ᠎ᠡ ᠸᠢᠴᠠᠲ ᠤᠨ ᠨᠡᠶᠢᠲᠡ ᠶᠢᠨ ᠳ᠋ᠤᠭᠠᠷ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠸᠢᠴᠠᠲ ᠤᠨ ᠴᠤᠭᠯᠠᠷᠠᠯ ᠵᠡᠷᠭᠡ ᠲᠠᠪᠴᠠᠩ ᠢ ᠵᠡᠷᠭᠡᠪᠡᠷ ᠠᠰᠢᠭᠯᠠᠵᠤ᠂ ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠮᠡᠳᠡᠯᠭᠡ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠳᠡᠯᠦᠩᠬᠦᠢ | ᠠᠭᠤᠯᠭ᠎ᠠ ᠶᠢ ᠣᠬᠠᠭᠤᠯᠵᠣ᠂ ᠬᠠᠮᠤᠷᠬᠤ ᠬᠡᠪᠴᠢᠶ᠎ᠡ ᠶᠢ ᠥᠷᠭᠡᠳᠬᠡᠨ᠂ ︽ᠬᠥᠮᠦᠨ ᠪᠣᠯᠭᠠᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠬᠥᠮᠦᠨ ᠪᠣᠯᠭᠠᠨ ᠦᠨᠳᠦᠰᠦᠲᠡᠨ ᠤ ᠪᠦᠯᠬᠦᠮᠳᠡᠯ ᠳᠤ ᠣᠷᠣᠯᠴᠠᠬᠤ︾ | ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠡᠢ᠃ | ᠲᠣᠰ ᠤᠳᠠᠭᠠᠨ ᠤ ᠠᠵᠢᠯᠯᠠᠭ᠎ᠠ ᠨᠢ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠦᠨᠳᠦᠰᠦᠲᠡᠨ ᠤ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠢ ᠣᠶᠢᠯᠠᠭᠠᠬᠤ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠤᠬᠠᠮᠰᠠᠷᠲᠤ ᠴᠢᠨᠠᠷ | ᠪᠠ ᠡᠷᠡᠰ ᠪᠠᠲᠤ ᠴᠢᠨᠠᠷ ᠢ ᠴᠢᠩᠭᠠᠳᠬᠠᠪᠠ᠃ |