ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ | ᠲᠠᠯ᠎ᠠ ᠪᠠᠷ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 16 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ | ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠬᠴᠠᠯᠠᠵᠣ ᠠᠭᠤᠤ ᠶᠡᠭᠡ ᠬᠠᠮᠳᠣᠷᠡᠯ ᠤᠨ ᠬᠦᠴᠦᠨ ᠢ ᠨᠢᠭᠲᠠᠷᠠᠭᠤᠯᠬᠤ︾ ᠭᠤᠤᠯ ᠰᠡᠳᠦᠪᠲᠦ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠬᠠᠷᠢᠯᠴᠠᠨ ᠬᠥᠳᠡᠯᠦᠯᠴᠡᠬᠦ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠶᠢ | ᠲᠣᠬᠢᠷᠠᠭᠤᠯᠬᠤ ᠪᠠᠷ ᠳᠠᠮᠵᠢᠭᠤᠯᠤᠨ᠂ ᠣᠷᠣᠯᠴᠠᠬᠰᠠᠳ ᠤᠨ ᠦᠨᠳᠦᠰᠦᠲᠡᠨ ᠤ ᠪᠦᠯᠬᠦᠮᠳᠡᠯ ᠤᠨ ᠲᠤᠬᠠᠶ ᠣᠶᠢᠯᠠᠭᠠᠯᠲᠠ | ᠪᠠ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠬᠤᠪᠢᠶᠠᠯᠴᠠᠬᠤ ᠶᠢ ᠵᠣᠷᠢᠭᠵᠢᠭᠤᠯᠵᠤ᠂ ᠡᠳᠦᠷ | ᠲᠤᠲᠤᠮ ᠤᠨ ᠠᠮᠢᠳᠤᠷᠠᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠲᠤᠬᠠᠶ ᠶᠢᠨ ᠲᠠᠯᠠᠪᠠᠶ ᠳᠤ ᠬᠠᠷᠢᠭᠤᠯᠳᠡ | ᠦᠭᠴᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ | ᠠᠭᠤᠯᠤᠭᠳᠠᠬᠤᠨ ᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠪᠠ᠃ ᠡᠭᠦᠨ ᠤ ᠬᠠᠮᠲᠤ ᠱᠧᠨᠴᠢᠣᠸᠠᠨ ᠨᠡᠶᠢᠭᠡᠮ | ᠲᠣᠭᠤᠷᠢᠭ ᠤᠨ ᠬᠢᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ | ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠲᠦᠷᠢᠮ︾ ᠢ ᠭᠦᠨᠵᠡᠭᠡᠶ ᠰᠣᠷᠣᠯᠴᠠᠨ ᠦᠷᠭᠡᠨ ᠢᠶᠠᠷ ᠣᠬᠠᠭᠤᠯᠵᠣ᠂ ᠲᠦᠷᠢᠮ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ ᠪᠠᠶᠢᠴᠠᠭᠠᠯᠳᠡ ᠪᠠᠨ ᠴᠢᠩᠭᠠᠳᠬᠠᠵᠤ᠂ ᠡᠯ᠎ᠡ ᠵᠦᠢᠯ ᠤᠨ | ᠲᠣᠭᠲᠠᠭᠠᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠡᠢ᠃ | ᠳᠠᠷᠠᠭᠠᠴᠢ ᠶᠢᠨ ᠠᠯᠬᠤᠮ ᠳᠤ᠂ ᠸᠧᠨᠴᠢᠤᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ᠤᠨ ᠬᠢᠨ ᠬᠤᠶᠠᠷ | ᠵᠦᠢᠯ ᠤᠨ ᠲᠦᠷᠢᠮ ᠢᠶᠠᠷ ᠵᠢᠯᠤᠭᠤᠳᠤᠯᠭ᠎ᠠ ᠪᠣᠯᠭᠠᠵᠤ᠂ ︽ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ | ᠬᠠᠪᠰᠤᠷᠤᠯᠴᠠᠬᠤ᠂ ᠡᠶ᠎ᠡ ᠵᠣᠬᠢᠴᠠᠩᠭᠤᠢ︾ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ | ᠦᠭᠡᠢ ᠪᠠᠬᠢᠵᠢᠭᠦᠯᠦᠨ ᠬᠥᠭᠵᠢᠭᠦᠯᠵᠦ᠂ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ | ᠨᠢᠭᠲᠠᠷᠠᠭᠤᠯᠵᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠠᠯᠬᠤ | ᠪᠠ ᠪᠣᠳᠠᠲᠠᠢ ᠠᠵᠢᠯ ᠢ ᠰᠠᠶᠢᠳᠣᠷ ᠬᠢᠬᠦ ᠲᠠᠢ ᠤᠯᠠᠮ ᠨᠢᠭᠡ ᠠᠯᠬᠤᠮ ᠤᠶᠠᠯᠳᠤᠭᠤᠯᠵᠤ᠂ ᠡᠯ᠎ᠡ ᠬᠦᠷᠢᠶᠡᠨ ᠤ ᠰᠢᠯᠢᠳᠡᠭ | ᠴᠢᠳᠠᠪᠤᠷᠢᠲᠠᠨ ᠢ ᠥᠷᠭᠡᠨ ᠢᠶᠠᠷ ᠰᠢᠩᠭᠡᠭᠡᠨ ᠠᠪᠴᠤ ᠤᠬᠠᠭᠤᠯᠤᠨ ᠲᠠᠶᠢᠯᠪᠤᠷᠢᠯᠠᠬᠤ ᠡᠩᠨᠡᠭᠡᠨ ᠳᠤ ᠣᠷᠣᠭᠤᠯᠵᠤ᠂ | ᠤᠬᠠᠭᠤᠯᠤᠨ ᠲᠠᠶᠢᠯᠪᠤᠷᠢᠯᠠᠬᠤ ᠬᠦᠴᠦᠨ ᠢ ᠲᠡᠭᠦᠯᠳᠡᠷᠵᠢᠭᠦᠯᠦᠨ᠎ᠡ᠃ |