5 ᠰᠠᠷ᠎ᠠ ᠶᠢᠨ 16 ᠤ ᠡᠳᠦᠷ᠂ ᠷᠡᠰᠢᠶᠠᠨ ᠬᠤᠳᠡ ᠶᠢᠨ ᠲᠢᠶᠠᠨ ᡂᠢ ᠪᠠᠯᠭᠠᠰᠤ ᠨᠠᠮ ᠤᠨ ᠲᠥᠪ ᠬᠤᠷᠢᠶᠠᠨ ᠤ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠢ | ᠰᠡᠳᠦᠪᠲᠦ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠪᠠᠯᠭᠠᠰᠤᠨ ᠤ ᠤᠳᠤᠷᠢᠳᠬᠤ | ᠪᠠᠭ ᠤᠨ ᠪᠦᠷᠢᠯᠳᠦᠬᠦᠨ᠂ ᠵᠠᠯᠠᠭᠤ ᠺᠠᠳ᠋ᠷ ᠰᠤᠷᠤᠯᠴᠠᠯᠭ᠎ᠠ ᠳᠤ ᠣᠷᠣᠯᠴᠠᠵᠤ᠂ ᠪᠠᠯᠭᠠᠰᠤᠨ ᠤ ᠨᠠᠮ ᠤᠨ ᠬᠤᠷᠢᠶᠠᠨ ᠤ | ᠱᠦᠵᠢ ᠸᠠᠩ ᠱᠦ ᠴᠢᠩ ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ︽ᠲᠦᠪ ᠤᠨ ᠨᠠᠢᠮᠠᠨ ᠲᠣᠭᠲᠠᠭᠠᠯ ᠢᠶᠠᠷ ᠳᠤᠮᠳᠠᠳᠤ ᠤᠯᠤᠰ ᠢ ᠬᠤᠪᠢᠷᠠᠭᠤᠯᠬᠤ︾ ᠵᠡᠷᠭᠡ | ᠠᠯᠢ ᠣᠯᠠᠨ ᠪᠢᠴᠢᠭ ᠮᠠᠲ᠋ᠧᠷᠢᠶᠠᠯ ᠵᠢᠴᠢ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠤᠯᠠᠮᠵᠢᠯᠠᠵᠣ ᠨᠠᠷᠢᠨ | ᠨᠢᠮᠪᠡᠢ ᠰᠤᠷᠤᠯᠴᠠᠬᠤ ᠪᠠᠷ ᠳᠠᠮᠵᠢᠭᠤᠯᠤᠨ᠂ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ | ᠰᠠᠨᠠᠭᠠᠨ ᠤ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠡᠵᠡᠮᠰᠢᠪᠡ᠃ ᠬᠤᠷᠠᠯ ᠳᠤ | ᠣᠷᠣᠯᠴᠠᠭᠰᠠᠳ ︽ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠬᠤ︾ ᠭᠡᠬᠦ ᠭᠤᠣᠯ ᠰᠡᠳᠦᠪ ᠤᠨ ᠲᠣᠭᠤᠷᠢᠨ ᠳᠤ | ᠭᠤᠣᠯᠳᠠᠯᠭ᠎ᠠ ᠲᠠᠢ ᠰᠤᠳᠤᠯᠤᠨ ᠶᠠᠷᠢᠯᠴᠠᠵᠤ᠂ ︽ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠵᠡᠷᠭᠡ ᠰᠤᠷᠤᠯᠴᠠᠬᠤ ᠮᠠᠲ᠋ᠧᠷᠢᠶᠠᠯ ᠲᠠᠢ ᠤᠶᠠᠯᠳᠤᠭᠤᠯᠵᠤ᠂ | ᠰᠤᠷᠲᠠᠯ ᠤᠨ ᠪᠠᠶᠢᠭᠤᠯᠤᠯᠲᠠ ᠶᠢᠨ ᠭᠤᠣᠯ ᠠᠭᠤᠯᠭ᠎ᠠ ᠪᠣᠯᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠪᠠ᠃ | ᠡᠭᠦᠨ ᠤ ᠬᠠᠮᠲᠤ᠂ ᠪᠠᠯᠭᠠᠰᠤᠨ ᠤ ᠤᠳᠤᠷᠢᠳᠬᠤ ᠪᠠᠭ ᠤᠨ ︽ᠰᠤᠷᠤᠯᠴᠠᠯᠭ᠎ᠠ ᠬᠥᠮᠦᠵᠢᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠡᠬᠡ ᠲᠠᠩᠰᠠ︾ ᠳᠤ ᠴᠢᠭᠯᠡᠭᠦᠯᠦᠨ ᠰᠤᠳᠤᠯᠤᠨ ᠶᠠᠷᠢᠯᠴᠠᠵᠤ᠂ ᠡᠯ᠎ᠡ ᠵᠦᠢᠯ ᠤᠨ ᠴᠡᠭᠴᠡᠯᠡᠨ | ᠵᠠᠰᠠᠬᠤ ᠠᠷᠭ᠎ᠠ ᠬᠡᠮᠵᠢᠶ᠎ᠡ ᠵᠢᠴᠢ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠪᠠ᠃ | ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠱᠦ ᠴᠢᠩ᠂ ᠨᠢᠭᠡ ᠳᠤ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠬᠤ ᠬᠡᠷᠡᠭᠲᠡᠶ᠃ ᠲᠤᠰᠬᠠᠶ | ᠰᠡᠳᠦᠪᠲᠦ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ | ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠤᠯᠤᠰ ᠲᠥᠷᠥ ᠶᠢᠨ ᠵᠣᠭᠰᠣᠯᠲᠠ᠂ ᠠᠵᠢᠯ ᠤᠨ | ᠰᠤᠷᠲᠠᠯ ᠢ ᠬᠡᠮᠵᠢᠬᠦ ᠦᠨᠳᠦᠰᠦᠨ ᠪᠠᠷᠢᠮᠵᠢᠶ᠎ᠠ ᠪᠣᠯᠭᠠᠬᠤ ᠬᠡᠷᠡᠭᠲᠡᠶ᠃ ᠤᠯᠤᠰ ᠲᠥᠷᠥ ᠶᠢᠨ ᠣᠨᠣᠯ ᠤᠨ ᠪᠠᠶᠢᠩᠭᠤ ᠶᠢᠨ | ᠴᠢᠨᠠᠷᠳᠡᠢ ᠰᠤᠷᠤᠯᠴᠠᠯᠭ᠎ᠠ᠂ ᠲᠥᠷᠥ ᠶᠢᠨ ᠪᠣᠳᠣᠯᠭ᠎ᠠ ᠶᠢᠨ ᠲᠤᠬᠠᠢ ᠰᠤᠳᠤᠯᠤᠨ ᠶᠠᠷᠢᠯᠴᠠᠵᠤ ᠰᠠᠨᠠᠯ ᠢᠶᠠᠨ | ᠰᠣᠯᠢᠯᠴᠠᠬᠤ ᠪᠠᠷ ᠳᠠᠮᠵᠢᠭᠤᠯᠤᠨ᠂ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠪᠠ ᠢᠯᠭᠠᠨ ᠲᠠᠨᠢᠬᠤ | ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠪᠥᠬᠦ ᠪᠠᠯᠭᠠᠰᠤᠨ ᠤ ᠺᠠᠳ᠋ᠷᠴᠤᠳ ᠤᠨ ᠦᠵᠡᠯ ᠰᠠᠨᠠᠭ᠎ᠠ᠂ ᠣᠶᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠬᠤ ᠶᠢ ᠦᠨᠡᠨ ᠬᠦ | ᠪᠠᠲᠤᠯᠠᠵᠤ᠂ ᠡᠷᠡᠰ ᠪᠠᠲᠤ ᠤᠯᠤᠰ ᠲᠥᠷᠥ ᠶᠢᠨ ᠤᠬᠠᠮᠰᠠᠷ ᠢᠶᠠᠷ ᠡᠯ᠎ᠡ ᠠᠵᠢᠯ ᠤᠨ ᠥᠷᠨᠢᠯᠲᠡ ᠶᠢ ᠠᠬᠢᠭᠤᠯᠬᠤ | ᠬᠡᠷᠡᠭᠲᠡᠶ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠠᠵᠢᠯ ᠤᠨ ᠳᠤᠮᠳᠠ ᠣᠷᠣᠰᠢᠵᠤ ᠪᠠᠶᠢᠭ᠎ᠠ | ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠲᠣᠳᠣᠷᠬᠠᠢ ᠨᠠᠷᠢᠨ ᠨᠢᠮᠪᠠᠢ ᠴᠡᠭᠴᠡᠯᠡᠨ | ᠰᠠᠶᠢᠵᠢᠷᠠᠭᠤᠯᠬᠤ ᠨᠠᠷᠢᠨ ᠲᠠᠩᠰᠠ ᠶᠢ ᠪᠠᠶᠢᠭᠤᠯᠵᠤ᠂ ᠬᠠᠷᠢᠭᠤᠴᠠᠯᠭ᠎ᠠ ᠶᠢᠨ ᠭᠤᠣᠯ ᠴᠣᠭᠴᠠ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠢ᠃ ᠮᠥᠷᠳᠡᠨ | ᠳᠠᠭᠠᠵᠤ ᠦᠷ᠎ᠡ ᠪᠦᠲᠦᠮᠵᠢ ᠶᠢ ᠠᠰᠠᠭᠤᠬᠤ ᠲᠣᠭᠲᠠᠴᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠤᠭᠰᠠᠨ | ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ︽ᠡᠷᠭᠢᠵᠦ ᠬᠠᠷᠠᠬᠤ︾ ᠠᠵᠢᠯ ᠢ ᠰᠠᠶᠢᠳᠣᠷ ᠬᠢᠵᠦ᠂ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠣᠯᠭᠠᠨ | ᠬᠤᠪᠢᠷᠠᠭᠤᠯᠬᠤ ᠶᠢ ᠦᠨᠡᠨ ᠬᠦ ᠪᠠᠲᠤᠯᠠᠬᠤ ᠭᠡᠷᠡᠭᠳᠡᠢ᠃ ᠬᠠᠳᠠᠭᠠᠰᠣᠨ ᠵᠣᠷᠢᠭ ᠰᠠᠨᠠᠭ᠎ᠠ ᠪᠠᠷ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠪᠦᠳᠣᠮᠵᠢ ᠶᠢ ᠨᠡᠮᠡᠭᠳᠡᠭᠦᠯᠬᠦ ᠶᠢ ᠠᠬᠢᠭᠤᠯᠵᠣ᠂ ᠰᠣᠷᠣᠬᠰᠠᠨ ᠮᠠᠳᠡᠯᠭᠡ ᠪᠠᠨ ᠪᠣᠳᠡᠳᠡᠢ ᠳᠤ | ᠣᠶᠢᠯᠡᠳᠣᠯᠭᠡᠵᠢᠬᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠭᠤᠷᠪᠠ ᠳᠤ᠂ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠦᠢᠯᠡᠳᠦᠯᠭᠡᠵᠢᠭᠦᠯᠬᠦ ᠬᠡᠷᠡᠭᠲᠡᠶ᠃ ᠤᠳᠤᠷᠢᠳᠬᠤ ᠺᠠᠳ᠋ᠷ ᠤᠨ | ᠦᠯᠢᠭᠡᠷ ᠳᠠᠭᠤᠷᠢᠶᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠶ᠎ᠠ ᠢᠶᠠᠷ ᠢᠶᠠᠨ ᠬᠡᠪ ᠲᠠᠭᠤᠷᠢᠶᠠᠯ ᠪᠣᠯᠵᠣ᠂ | ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ | ᠥᠷᠨᠢᠭᠦᠯᠵᠦ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠪᠠᠶᠢᠭᠤᠯᠬᠤ ᠬᠡᠷᠡᠭᠲᠡᠶ᠃ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠣᠨ᠂ ᠤᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠵᠣᠯ | ᠵᠢᠷᠭᠠᠯᠲᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠭᠡᠷᠡᠭᠳᠡᠢ᠃ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠣᠨ᠂ ᠨᠠᠮ ᠤᠨ ᠲᠦᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠬᠤ ᠶᠢ ᠡᠳᠦᠷ ᠲᠤᠲᠤᠮ ᠤᠨ ᠬᠠᠮᠢᠶᠠᠷᠤᠯᠲᠠ᠂ ᠬᠢᠨᠠᠨ ᠰᠢᠯᠭᠠᠵᠤ ᠦᠨᠡᠯᠡᠬᠦ ᠵᠡᠷᠭᠡ | ᠠᠵᠢᠯ ᠤᠨ ᠡᠯ᠎ᠠ ᠭᠤᠭᠴᠤᠭ᠎ᠠ ᠳᠤ ᠠᠭᠤᠰᠤᠯᠴᠠᠭᠤᠯᠵᠤ᠂ ᠰᠢᠯᠢᠳᠡᠭ ᠰᠤᠷᠲᠠᠯ ᠢᠶᠠᠷ ᠪᠥᠬᠦ ᠪᠠᠯᠭᠠᠰᠤᠨ ᠤ ᠴᠢᠨᠠᠷ | ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠭᠡᠷᠡᠭᠳᠡᠢ ᠭᠡᠵᠣ ᠴᠢᠬᠤᠯᠠᠴᠢᠯᠡᠵᠡᠢ᠃ |