ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠤᠭᠤᠷᠢᠭ ᠲᠦᠷᠦ ᠶᠢᠨ ᠪᠤᠳᠤᠯᠭ᠎ᠠ ᠲᠣᠬᠠᠢ ᠤᠬᠠᠭᠤᠯᠤᠨ ᠲᠠᠶᠢᠯᠪᠤᠷᠢᠯᠠᠵᠡᠢ
ᠨᠡᠶᠢᠲᠡᠯᠡᠭᠰᠡᠨ ᠴᠠᠭ᠄
2025/5/19
    ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 15 ᠤ ᠡᠳᠦᠷ᠂ ᠷᠡᠰᠢᠶᠠᠨ ᠬᠤᠳᠡ ᠶᠢᠨ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ︽ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠨᠢᠭᠤᠷᠲᠠᠨ ᠶᠠᠷᠢᠯᠴᠠᠵᠤ ᠦᠨᠳᠦᠰᠦᠲᠡᠨ ᠤ ᠪᠦᠯᠬᠦᠮᠳᠡᠯ ᠤᠨ ᠪᠠᠶᠢᠳᠠᠯ ᠢ ᠬᠠᠮᠲᠤ ᠪᠠᠷ ᠪᠢᠴᠢᠭᠯᠡᠶ᠎ᠠ︾ ᠭᠡᠬᠦ ᠤᠬᠠᠭᠤᠯᠤᠨ ᠲᠠᠶᠢᠯᠪᠤᠷᠢᠯᠠᠬᠤ ᠠᠵᠢᠯᠠᠯᠭ᠎ᠠ ᠬᠢᠪᠡ᠃    ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ︽ᠪᠦᠯᠬᠦᠮᠳᠡᠯ ᠤᠨ ᠬᠤᠩᠭᠢᠯ︾ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠲᠤ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠭᠦᠨ ᠠᠭᠤᠯᠤᠭᠳᠠᠬᠤᠨ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠠᠭᠤᠯᠭ᠎ᠠ ᠶᠢ ᠣᠯᠠᠨ ᠲᠦᠮᠡᠨ ᠳᠤ ᠨᠢᠭᠡᠳ ᠨᠢᠭᠡ ᠪᠠᠷ ᠤᠬᠠᠭᠤᠯᠤᠨ ᠲᠠᠶᠢᠯᠪᠤᠷᠢᠯᠠᠵᠤ᠂ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠲᠠᠶᠢᠴᠢᠯᠠᠵᠣ ᠪᠠᠶᠢᠭᠠᠳ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ ᠢ ᠭᠦᠨᠵᠡᠭᠡᠶ ᠲᠠᠨᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠬᠴᠠᠯᠠᠬᠤ ᠶᠢ ᠠᠷᠡᠳ ᠤᠨ ᠰᠠᠳᠬᠢᠯ ᠳᠤ ᠦᠨᠳᠦᠰᠦᠯᠡᠭᠦᠯᠦᠨ ᠰᠣᠶᠣᠭᠠᠯᠠᠭᠤᠯᠪᠠ᠃    ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ︽ᠵᠢᠵᠢᠭ ᠵᠢᠭᠰᠠᠭᠠᠯ ᠤᠨ ᠭᠠᠵᠠᠷ︾ ᠢᠶᠠᠷ ︽ᠶᠡᠭᠡ ᠬᠠᠮᠲᠤ ᠶᠢᠨ ᠲᠠᠨᠢᠯᠲᠠ︾ ᠶᠢ ᠨᠢᠭᠲᠠᠷᠠᠭᠤᠯᠵᠤ᠂ ︽ᠬᠥᠮᠦᠨ ᠪᠣᠯᠭᠠᠨ ᠦᠨᠳᠦᠰᠦᠲᠡᠨ ᠤ ᠪᠦᠯᠬᠦᠮᠳᠡᠯ ᠤᠨ ᠦᠷ᠎ᠡ ᠪᠦᠳᠣᠭᠡᠯ ᠢ ᠨᠠᠨᠳᠢᠩᠨᠠᠵᠤ᠂ ᠬᠥᠮᠦᠨ ᠪᠣᠯᠭᠠᠨ ᠦᠨᠳᠦᠰᠦᠲᠡᠨ ᠤ ᠪᠦᠯᠬᠦᠮᠳᠡᠯ ᠤᠨ ᠦᠷ᠎ᠡ ᠪᠦᠳᠣᠭᠡᠯ ᠢ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠪᠠ᠃  ᠲᠠᠷᠡᠭᠠᠴᠢ ᠪᠠᠷ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠣᠯᠠᠨ ᠶᠠᠩᠵᠤ ᠬᠡᠯᠪᠡᠷᠢ ᠶᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠣᠯᠡᠨ ᠶᠠᠩᠵᠣ ᠬᠡᠯᠪᠡᠷᠢ ᠶᠢᠨ᠂ ᠦᠨᠳᠣᠷ ᠦᠷ᠎ᠡ ᠪᠦᠲᠦᠮᠵᠢᠲᠡᠶ᠂ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠪᠠᠷ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠨᠡᠶᠢᠭᠡᠮ ᠲᠣᠭᠤᠷᠢᠭ ᠲᠤ ᠦᠷᠭᠦᠯᠵᠢᠯᠡᠨ ᠳᠡᠯᠭᠡᠷᠡᠭᠦᠯᠦᠨ᠎ᠡ᠃
 
ᠢᠷᠡᠯᠲᠡ᠄ ᠢᠷᠪᠢᠰ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号