5 ᠰᠠᠷ᠎ᠠ ᠶᠢᠨ 18 ᠤ ᠡᠳᠦᠷ᠂ ᠷᠡᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ ᠡᠷᠬᠢᠮᠲᠦ ᠤᠷᠢᠳ ᠬᠤᠵᠢᠳ ᠣᠯᠠᠠᠪᠣᠺᠠᠨ ᠦᠵᠡᠮᠵᠢ ᠶᠢᠨ ᠣᠷᠣᠨ᠂ ᠡᠤ ᠴᠠ ᠭᠸᠦ ᠪᠠᠯᠭᠠᠰᠤᠨ ᠤ ᠬᠠᠰᠢᠵᠣ | ᠪᠠᠶᠢᠴᠠᠭᠠᠬᠤ ᠭᠠᠵᠡᠷ᠂ ᠮᠢᠩ ᠱᠦᠶ ᠾᠧ ᠣᠶ ᠰᠢᠭᠤᠶ ᠶᠢᠨ ᠲᠠᠯᠠᠪᠠᠶ ᠵᠡᠷᠭᠡ ᠭᠠᠵᠠᠷ ᠢᠶᠠᠷ ᠬᠦᠷᠴᠦ ᠰᠣᠶᠣᠯ | ᠵᠢᠭᠤᠯᠴᠢᠯᠠᠯ ᠤᠨ ᠪᠡᠯᠡᠳᠬᠡᠯ ᠠᠵᠢᠯ᠂ ᠣᠶ ᠰᠢᠭᠤᠶ ᠨᠣᠳᠤᠭ ᠪᠡᠯᠴᠢᠭᠡᠷ ᠢ ᠡᠪᠳᠡᠵᠣ ᠰᠦᠢᠳᠬᠡᠬᠦ ᠶᠢ ᠴᠡᠭᠴᠡᠯᠡᠨ | ᠵᠠᠰᠠᠬᠤ᠂ ᠪᠡᠯᠴᠢᠭᠡᠷᠯᠡᠭᠦᠯᠬᠦ ᠶᠢ ᠵᠣᠬᠰᠣᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠡᠷᠬᠢᠮᠲᠤ᠂ ᠦ᠋ ᠴᠠ ᠭᠸᠤ ᠤᠢ ᠰᠢᠭᠤᠢ ᠶᠢᠨ ᠲᠤᠪᠴᠢᠶ᠎ᠠ᠂ ᠪᠠᠢ ᠯᠠᠩ ᠤᠢ ᠰᠢᠭᠤᠢ ᠶᠢᠨ ᠲᠤᠪᠴᠢᠶ᠎ᠠ᠂ | ᠷᠠᠰᠢᠶᠠᠨ ᠤ ᠰᠧᠨ ᠭᠥᠩ ᠺᠣᠮᠫᠠᠨᠢ ᠲᠠᠢ ᠬᠠᠮᠵᠢᠯᠴᠠᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠢ ᠰᠢᠭᠤᠢ ᠨᠣᠳᠤᠭ | ᠪᠡᠯᠴᠢᠭᠡᠷ ᠢ ᠡᠪᠳᠡᠵᠣ ᠰᠦᠢᠳᠭᠡᠬᠦ ᠶᠢ ᠴᠡᠭᠴᠡᠯᠡᠨ ᠵᠠᠰᠠᠬᠤ ᠪᠠ ᠪᠡᠯᠴᠢᠭᠡᠷᠯᠡᠭᠦᠯᠬᠦ ᠶᠢ ᠵᠣᠬᠰᠣᠭᠠᠬᠤ ᠠᠵᠢᠯ ᠢ | ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠲᠤᠭ᠎ᠠ ᠲᠣᠳᠣᠷᠬᠠᠢ᠂ ᠪᠠᠶᠢᠳᠠᠯ ᠲᠣᠳᠣᠷᠬᠠᠢ᠂ | ᠲᠤᠭ᠎ᠠ ᠪᠠᠷᠢᠮᠲᠠ ᠣᠨᠣᠪᠴᠢᠲᠠᠢ᠂ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠣᠯᠠᠨ ᠠᠷᠭ᠎ᠠ ᠵᠠᠮ᠂ ᠣᠯᠠᠨ ᠳᠡᠰ | ᠳᠠᠪᠬᠤᠷᠭ᠎ᠠ ᠪᠠᠷ ᠣᠶ ᠰᠢᠭᠤᠶ ᠨᠣᠳᠤᠭ ᠪᠡᠯᠴᠢᠭᠡᠷ ᠢ ᠡᠪᠳᠡᠵᠣ ᠰᠦᠢᠳᠭᠡᠬᠦ ᠶᠢ ᠴᠡᠭᠴᠡᠯᠡᠨ ᠵᠠᠰᠠᠬᠤ ᠪᠠ | ᠪᠡᠯᠴᠢᠭᠡᠷᠯᠡᠭᠦᠯᠬᠦ ᠶᠢ ᠵᠣᠬᠰᠣᠭᠠᠬᠤ ᠠᠵᠢᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ | ᠡᠷᠦᠬᠡ ᠪᠦᠬᠦᠨ ᠢᠶᠠᠷ ᠬᠦᠷᠴᠣ ᠬᠥᠮᠦᠨ ᠪᠣᠯᠭᠠᠨ ᠳᠤ ᠣᠬᠠᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠤ ᠠᠮᠢ | ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠠᠵᠢᠯᠯᠠᠭ᠎ᠠ ᠶᠢᠨ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠳᠤᠲᠠᠬᠳᠡᠯ ᠢ ᠪᠠᠶᠢᠴᠠᠭᠠᠨ ᠨᠥᠬᠦᠪᠥᠷᠢᠯᠡᠵᠦ᠂ | ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠦᠬᠦ ᠶᠠᠪᠤᠴᠠ ᠶᠢ ᠨᠠᠷᠢᠯᠢᠬᠵᠢᠭᠤᠯᠤᠨ | ᠬᠠᠮᠢᠶᠠᠷᠤᠨ ᠡᠵᠡᠮᠳᠡᠬᠦ ᠪᠠ ᠪᠦᠬᠦ ᠡᠯᠧᠮᠧᠨ᠋ᠲ ᠢ ᠬᠠᠮᠵᠢᠯᠴᠠᠨ ᠬᠠᠮᠲᠤᠷᠠᠯᠴᠠᠵᠤ᠂ ᠵᠢᠭᠤᠯᠴᠢᠯᠠᠬᠴᠢᠳ ᠲᠤ ᠠᠮᠤᠷ | ᠲᠦᠪᠰᠢᠨ ᠲᠠᠭᠠᠯᠠᠮᠵᠢᠲᠠᠢ ᠰᠣᠨᠢᠷᠬᠠᠨ ᠵᠢᠭᠤᠯᠴᠢᠯᠠᠬᠤ ᠣᠷᠴᠢᠨ ᠲᠣᠭᠤᠷᠢᠨ ᠢ ᠪᠤᠢ ᠪᠣᠯᠭᠠᠵᠤ᠂ ᠷᠠᠰᠢᠶᠠᠨ ᠤ | ᠬᠤᠷᠴᠠ ᠤᠯᠠᠭᠠᠨ ᠴᠡᠴᠡᠭ ᠰᠣᠨᠢᠷᠬᠠᠬᠤ ᠤᠯᠠᠷᠢᠯ ᠤᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠶᠢ | ᠠᠯᠳᠡᠷᠰᠢᠭᠤᠯᠬᠤ ᠬᠡᠷᠡᠭᠲᠡᠢ ᠭᠡᠵᠣ ᠴᠢᠬᠤᠯᠠᠴᠢᠯᠠᠵᠡᠢ᠃ | ᠦ᠋ ᠴᠠ ᠭᠸᠤ ᠤᠢ ᠰᠢᠭᠤᠢ ᠶᠢᠨ ᠲᠤᠪᠴᠢᠶ᠎ᠠ ᠶᠢᠨ ᠨᠠᠮ ᠤᠨ ᠣᠳᠣᠷᠢᠳᠬᠤ ᠲᠣᠭᠤᠶᠢᠯᠡᠩ ᠤᠨ ᠱᠦᠵᠢ᠂ | ᠲᠣᠪᠴᠢᠶᠠᠨ ᠲᠠᠷᠤᠭ᠎ᠠ ᠸᠠᠩ ᠯᠢ ᠳ᠋ᠦᠩ᠂ ᠷᠠᠰᠢᠶᠠᠨ ᠬᠤᠳᠠ ᠶᠢᠨ ᠲᠡᠳ᠋ ᠲᠠᠷᠤᠭ᠎ᠠ ᠪᠠᠢ ᠹᠧᠩ᠂ ᠯᠢᠦ ᡁᠢ ᠴᠢᠶᠠᠩ | ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | |