ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ ᠵᠠᠯᠭᠠᠮᠵᠢᠯᠠᠵᠦ ᠂ ︽ | ᠣᠷᠤᠭ ᠬᠤᠷᠢᠮ ᠤᠨ ᠵᠠᠩᠰᠢᠯ ᠬᠢᠩᠭᠠᠨ ᠳᠤ ᠠᠰᠢᠭ ᠬᠦᠷᠳᠡᠭᠡᠬᠦ︾ ᠳᠤ ᠠᠩᠬᠠᠷᠤᠯ ᠢᠶᠠᠨ ᠲᠥᠪᠯᠡᠷᠡᠭᠦᠯᠣᠨ᠂ ︽ | ᠨᠠᠮ ᠤᠨ ᠪᠠᠶᠢᠭᠤᠯᠤᠯᠲᠠ + ᠣᠷᠤᠭ ᠬᠤᠷᠢᠮ ᠤᠨ ᠵᠠᠩᠰᠢᠯ︾ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠠᠷᠭ᠎ᠠ | ᠵᠠᠮ ᠢ ᠬᠠᠶᠢᠨ ᠰᠦᠪᠡᠭᠴᠢᠯᠡᠬᠤ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ᠷᠠᠰᠢᠶᠠᠨ ᠬᠤᠲᠠ ᠶᠢᠨ ᠰᠢᠨ | ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠷᠠᠰᠢᠶᠠᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠪᠠ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ︽ᠪᠢ ᠣᠯᠠᠨ ᠲᠦᠮᠡᠨ ᠳᠤ ᠪᠣᠳᠠᠲᠣ | ᠠᠵᠢᠯ ᠬᠢᠵᠦ ᠥᠭᠬᠦ︾ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠷᠠᠰᠢᠶᠠᠨ ᠬᠤᠲᠠ ᠶᠢᠨ ᠰᠢᠨ ᠴᠧᠩ ᠵᠡᠭᠡᠯᠢ ᠶᠢᠨ ᠰᠧᠨᠸᠠᠩ | ᠨᠡᠶᠢᠭᠡᠮ ᠲᠣᠭᠤᠷᠢᠭ ᠤᠨ ᠠᠵᠢᠯᠲᠠᠳ ᠬᠠᠮᠢᠶ᠎ᠠ ᠪᠦᠬᠦᠢ ᠨᠠᠮ ᠤᠨ ᠭᠡᠰᠢᠭᠦᠨ ᠺᠠᠳ᠋ᠷᠴᠣᠳ ᠲᠠᠢ ᠬᠠᠮᠳᠣ | ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠳᠠᠭᠤᠤ ᠪᠥᠵᠢᠭ ᠤᠨ ᠲᠣᠭᠯᠠᠯᠲᠠ ᠭᠠᠷᠭᠠᠬᠤ᠂ ᠱᠠᠩᠨᠠᠯ ᠲᠠᠢ | ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠶᠠᠪᠣᠭᠤᠯᠬᠤ ᠵᠡᠷᠭᠡ ᠬᠡᠯᠪᠡᠷᠢ ᠪᠠᠷ ᠥᠷᠭᠡᠨ ᠣᠯᠠᠨ ᠠᠷᠡᠳ ᠲᠦᠮᠡᠨ ᠳᠤ | ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠢᠳᠡᠪᠬᠢᠲᠡᠶ | ᠲᠦᠭᠡᠮᠡᠯᠵᠢᠭᠦᠯᠵᠦ᠂ ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠣᠶᠢᠯᠠᠭᠠᠭᠳᠠᠬᠤᠨ ᠢ | ᠬᠦᠨᠵᠡᠭᠡᠶᠢᠷᠡᠬᠦᠯᠬᠦ ᠳᠤ ᠤᠯᠠᠮ ᠨᠢᠭᠡ ᠠᠯᠬᠤᠮ ᠬᠦᠴᠣᠨ ᠨᠡᠮᠡᠷᠢᠯᠡᠪᠡ᠃ | ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠲᠤ ᠪᠠᠶᠠᠷ ᠬᠥᠷ ᠲᠠᠢ ᠡᠷᠡᠭᠦᠯ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠠᠶᠢᠨ ᠤᠯᠠᠮᠵᠢᠯᠠᠯᠲᠤ ᠰᠣᠶᠣᠯ ᠢ | ᠪᠠᠳᠠᠷᠠᠭᠤᠯᠤᠭᠰᠠᠨ ᠪᠥᠭᠡᠳ ᠪᠠᠰᠠ ᠤᠷᠤᠭ ᠬᠤᠷᠢᠮ ᠤᠨ ᠪᠣᠯᠪᠠᠰᠤᠨ ᠰᠠᠶᠢᠬᠠᠨ ᠢᠳᠡᠪᠬᠢ ᠬᠦᠴᠦᠨ ᠢ ᠳᠠᠮᠵᠢᠭᠤᠯᠵᠤ | ᠂ ︽ᠪᠣᠯᠪᠠᠰᠤᠨ ᠣᠷᠤᠭ ᠬᠤᠷᠢᠮ ᠤᠨ ᠵᠠᠩᠰᠢᠯ ᠨᠢ ᠠᠷᠠᠳ ᠲᠦᠮᠡᠨ ᠲᠠᠢ ᠬᠠᠮᠲᠤ ᠣᠷᠣᠰᠢᠬᠤ︾ ᠪᠠᠶᠢᠳᠡᠯ ᠢ | ᠪᠦᠷᠢᠯᠳᠣᠬᠦᠯᠵᠣ᠂ ᠰᠢᠯᠢᠳᠡᠭ ᠬᠡᠪ ᠰᠤᠷᠲᠠᠯ ᠂ ᠪᠣᠯᠪᠠᠰᠣᠨ ᠰᠠᠶᠢᠬᠠᠨ ᠨᠡᠶᠢᠭᠡᠮ ᠢ ᠪᠠᠶᠢᠭᠤᠯᠬᠤ ᠳᠤ ᠰᠠᠭᠤᠷᠢ | ᠲᠠᠯᠪᠢᠬᠰᠠᠨ ᠪᠠᠶᠢᠨ᠎ᠠ᠃ |