ᠣᠶᠢᠷ᠎ᠡ ᠳᠤ᠂ ᠷᠡᠰᠢᠶᠠᠨ ᠬᠤᠳᠡ ᠶᠢᠨ ᠰᠢᠨ ᠴᠧᠩ ᠵᠡᠭᠡᠯᠢ ᠶᠢᠨ ᠾᠧ ᠫᠢᠩ ᠨᠡᠶᠢᠭᠡᠮ ᠲᠣᠭᠤᠷᠢᠭ ᠨᠡᠶᠢᠭᠡᠮ | ᠲᠣᠭᠤᠷᠢᠭ ᠤᠨ ᠠᠵᠢᠯᠯᠠᠭᠠᠨ ᠤ ᠲᠠᠰᠤᠭ ᠲᠤ ︽ᠰᠠᠶᠢᠨ ᠨᠣᠮ ᠢ ᠬᠠᠮᠲᠤ ᠪᠠᠷ ᠤᠩᠰᠢᠬᠤ︾ ᠨᠣᠮ ᠪᠢᠴᠢᠭ ᠢ | ᠣᠬᠠᠭᠤᠯᠣᠨ ᠳᠡᠯᠭᠡᠷᠡᠭᠦᠯᠬᠦ ᠠᠵᠢᠯᠯᠠᠭ᠎ᠠ ᠦᠷᠨᠢᠬᠦᠯᠪᠡ᠃ ᠲᠣᠰ ᠤᠳᠠᠭᠠᠨ ᠤ ᠠᠵᠢᠯᠯᠠᠭ᠎ᠠ ᠨᠢ ︽ᠰᠠᠶᠢᠨ ᠨᠣᠮ ᠢ | ᠬᠠᠮᠲᠤ ᠪᠠᠷ ᠤᠩᠰᠢᠬᠤ︾ ᠪᠠᠷ ᠭᠤᠤᠯ ᠰᠡᠳᠦᠪ ᠪᠣᠯᠭᠠᠵᠤ᠂ ᠰᠠᠭᠤᠭᠠᠯᠢ ᠠᠷᠠᠳ ᠲᠤ ᠡᠯᠪᠡᠭ ᠪᠠᠶᠠᠯᠢᠭ | ᠠᠭᠤᠯᠭ᠎ᠠ ᠲᠠᠢ᠂ ᠪᠠᠶᠠᠷ ᠪᠠᠶᠠᠰᠬᠤᠯᠠᠩ ᠲᠠᠢ ᠤᠩᠰᠢᠯᠭ᠎ᠠ ᠶᠢᠨ ᠲᠠᠪᠴᠠᠩ ᠢ ᠬᠠᠩᠭᠠᠬᠰᠠᠨ ᠪᠠᠶᠢᠨ᠎ᠠ᠃ | ᠠᠵᠢᠯᠯᠠᠭ᠎ᠠ ᠳᠤ᠂ ᠨᠡᠶᠢᠭᠡᠮ ᠲᠣᠭᠤᠷᠢᠭ ᠤᠨ ᠠᠵᠢᠯᠲᠠᠳ ᠡᠷᠦᠬᠡ ᠪᠠᠷ ᠬᠦᠷᠴᠦ ᠰᠤᠷᠪᠤᠯᠵᠢᠯᠠᠬᠤ ᠪᠠ | ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠨᠣᠮ | ᠪᠢᠴᠢᠭ ᠤᠨ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠪᠠ ᠰᠠᠨᠠᠭᠤᠯᠭ᠎ᠠ ᠶᠢ ᠴᠤᠭᠯᠠᠭᠤᠯᠪᠠ᠃ ᠪᠠᠶᠢᠴᠠᠭᠠᠨ | ᠰᠤᠳᠤᠯᠤᠯᠲᠠ ᠶᠢᠨ ᠦᠷ᠎ᠡ ᠳ᠋ᠦᠩ ᠢ ᠦᠨᠳᠦᠰᠦᠯᠡᠵᠣ᠂ ᠨᠡᠶᠢᠭᠡᠮ ᠲᠣᠭᠤᠷᠢᠭ ᠤᠨ ᠬᠢᠨ ᠤᠳᠬ᠎ᠠ ᠵᠣᠬᠢᠶᠠᠯ ᠤᠳᠬ᠎ᠠ | ᠤᠷᠠᠯᠢᠭ᠂ ᠲᠡᠦᠬᠡ ᠰᠣᠶᠣᠯ ᠭᠠᠵᠠᠷ ᠵᠦᠢ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠮᠡᠨᠳᠦ ᠪᠡᠶ᠎ᠡ ᠰᠤᠪᠢᠯᠠᠯᠲᠠ᠂ | ᠬᠡᠦᠬᠡᠳ ᠤᠨ ᠤᠩᠰᠢᠯᠭ᠎ᠠ ᠶᠢᠨ ᠪᠢᠴᠢᠭ ᠵᠡᠷᠭᠡ ᠡᠯ᠎ᠡ ᠲᠦᠷᠦᠯ ᠤᠨ ᠨᠣᠮ ᠪᠢᠴᠢᠭ ᠢ ᠨᠠᠷᠢᠨ ᠨᠢᠮᠪᠠᠢ ᠰᠣᠩᠭᠤᠨ | ᠭᠠᠷᠭᠠᠵᠤ᠂ ᠠᠳᠠᠯᠢ ᠪᠤᠰᠤ ᠨᠠᠰᠤᠨ ᠤ ᠣᠩᠰᠢᠬᠴᠢᠳ ᠤᠨ ᠬᠡᠷᠡᠭᠴᠡᠭᠡ ᠱᠠᠭᠠᠷᠳᠡᠯᠭ᠎ᠠ ᠶᠢ ᠬᠠᠩᠭᠠᠪᠠ᠃ | ᠳᠠᠷᠠᠭᠠᠴᠢ ᠶᠢᠨ ᠠᠯᠬᠤᠮ ᠳᠤ᠂ ᠡᠾᠧ ᠫᠢᠡᠭ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ | ᠳᠤᠷᠠᠳᠤᠭᠰᠠᠨ ᠡᠯᠧᠺᠲᠷᠣᠨ ᠤᠩᠰᠢᠯᠭ᠎ᠠ ᠶᠢᠨ ᠲᠥᠬᠦᠭᠡᠷᠦᠮᠵᠢ ᠶᠢ ᠨᠡᠮᠡᠨ ᠪᠠᠶᠢᠭᠤᠯᠬᠤ᠂ ᠨᠡᠭᠡᠭᠡᠯᠲᠡᠲᠦ ᠴᠠᠭ ᠢ | ᠤᠷᠲᠤᠳᠬᠠᠬᠤ ᠵᠡᠷᠭᠡ ᠡᠷᠬᠢᠮ ᠨᠠᠨᠳᠢᠨ ᠰᠠᠨᠠᠭᠤᠯᠭ᠎ᠠ ᠶᠢ ᠦᠨᠳᠦᠰᠦᠯᠡᠨ᠂ ᠤᠩᠰᠢᠯᠭ᠎ᠠ ᠶᠢᠨ ᠦᠢᠯᠡᠴᠢᠯᠡᠭᠡᠨ ᠤ | ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠠᠷᠠᠳ ᠤᠨ ᠤᠩᠰᠢᠯᠭ᠎ᠠ ᠶᠢᠨ ᠣᠷᠮ᠎ᠠ ᠰᠡᠳᠬᠢᠯᠭᠡ ᠶᠢ | ᠲᠠᠰᠤᠷᠠᠯᠲᠠ ᠦᠭᠡᠢ ᠬᠥᠭᠵᠢᠭᠡᠨ᠎ᠡ᠃ |