ᠸᠧᠨᠴᠢᠣᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2025/5/22
    ᠨᠡᠶᠢᠭᠡᠮ ᠲᠣᠭᠤᠷᠢᠭ ᠤᠨ ᠰᠣᠶᠣᠯ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠴᠡᠪᠡᠷᠰᠢᠭᠦᠯᠬᠦ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠴᠦ ᠨᠡᠶᠢᠭᠡᠮ ᠲᠣᠭᠤᠷᠢᠭ ᠢ ᠬᠠᠮᠲᠤ ᠪᠠᠷ ᠬᠠᠮᠠᠭᠠᠯᠠᠶ᠎ᠠ︾ ᠭᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠠ᠃    ᠠᠵᠢᠯᠯᠠᠭ᠎ᠠ ᠳᠤ᠂ ᠰᠠᠶᠢᠨ ᠳᠤᠷᠡᠴᠣᠣᠯ ᠰᠢᠨᠬᠤᠸᠠ ᠨᠣᠮ ᠤᠨ ᠳᠡᠯᠭᠡᠭᠦᠷ ᠪᠣᠯᠤᠨ ᠵᠡᠭᠡᠯᠢ ᠳᠠᠭᠠᠤ ᠶᠢᠨ ᠬᠤᠳᠠᠯᠳᠤᠭᠠᠴᠢᠨ ᠡᠷᠣᠭᠡ ᠪᠠᠷ ᠭᠦᠨᠵᠡᠭᠡᠶᠢᠷᠡᠨ ᠤᠬᠠᠭᠤᠯᠭ᠎ᠠ ᠬᠢᠵᠦ᠂ ᠡᠷᠦᠬᠡ ᠪᠦᠬᠦᠨ ᠳᠤ ᠴᠥᠮ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ︾ ᠠᠵᠢᠯ ᠤᠨ ᠴᠢᠬᠤᠯᠠ ᠴᠢᠨᠠᠷ ᠪᠣᠯᠤᠨ ᠵᠠᠶᠢᠯᠠᠰᠢ ᠦᠭᠡᠢ ᠴᠢᠨᠠᠷ ᠢ ᠲᠠᠶᠢᠯᠪᠤᠷᠢᠯᠠᠵᠣ ᠦᠭᠪᠡ᠃    ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠱᠧᠨᠴᠢᠣᠸᠠᠨ ᠨᠡᠶᠢᠭᠡᠮ ᠲᠣᠭᠤᠷᠢᠭ ᠰᠠᠭᠤᠭᠠᠯᠢ ᠠᠷᠠᠳ ᠤᠨ ︽ᠱᠠᠯᠢᠭ ᠵᠠᠪᠬᠠᠶ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠲᠤᠬᠠᠶ ᠲᠠᠨᠢᠯᠲᠠ ᠶᠢᠨ ᠬᠡᠮᠵᠢᠶ᠎ᠡ ᠪᠠ ᠣᠷᠣᠯᠴᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠠᠵᠢᠯᠯᠠᠭ᠎ᠠ  ᠶᠢ ᠬᠥᠮᠦᠨ ᠪᠣᠯᠭᠠᠨ ᠳᠤ ᠮᠡᠳᠡᠬᠦᠯᠬᠦ᠂ ᠬᠥᠮᠦᠨ ᠪᠣᠯᠭᠠᠨ ᠳᠡᠮᠵᠢᠬᠦ᠂ ᠬᠥᠮᠦᠨ ᠪᠣᠯᠭᠠᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠡᠢ᠃
 
ᠢᠷᠡᠯᠲᠡ᠄ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠭᠡᠷᠡᠭ ᠡᠷᠬᠢᠯᠡᠬᠦ ᠭᠠᠵᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号