ᠸᠧᠨᠴᠢᠤᠸᠠᠨ ᠵᠡᠭᠡᠯᠢ ᠶᠢᠨ ᠡᠪᠯᠡᠯ ᠤᠨ ᠬᠤᠷᠢᠶ᠎ᠠ ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠠᠵᠢᠯᠯᠠᠭ᠎ᠠ  ᠦᠷᠨᠢᠬᠦᠯᠵᠡᠢ
ᠨᠡᠶᠢᠲᠡᠯᠡᠭᠰᠡᠨ ᠴᠠᠭ᠄
2025/5/22
     ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠳᠥᠭᠦᠮ ᠲᠣᠬᠢᠷᠠᠮᠵᠢᠲᠠᠶ᠂ ᠪᠣᠯᠪᠠᠰᠤᠨ ᠥᠭᠡᠳᠡᠷᠬᠡᠭ  ᠣᠷᠤᠭ ᠬᠤᠷᠢᠮ ᠤᠨ ᠰᠣᠶᠣᠯ ᠢ ᠰᠠᠨᠠᠭᠠᠴᠢᠯᠠᠬᠤ ᠶᠢᠨ ᠲᠥᠯᠥᠭᠡ᠂ 5 ᠰᠠᠷ᠎ᠠ ᠶᠢᠨ 20 ᠤ ᠡᠳᠦᠷ᠂ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠡᠪᠯᠡᠯ ᠤᠨ ᠬᠤᠷᠢᠶ᠎ᠠ ᠬᠠᠷᠢᠶ᠎ᠠ ᠣᠷᠣᠨ ᠤ ᠵᠠᠯᠠᠭᠤᠴᠤᠳ ᠢ ᠢᠳᠡᠪᠬᠢᠲᠡᠶ ᠵᠣᠬᠢᠶᠠᠨ ᠪᠠᠶᠢᠭᠤᠯᠵᠤ᠂ ᠷᠠᠰᠢᠶᠠᠨ ᠬᠤᠲᠠ ᠶᠢᠨ ᠠᠷᠠᠳ ᠤᠨ ᠶᠠᠪᠣᠳᠡᠯ ᠤᠨ ᠲᠣᠪᠴᠢᠶ᠎ᠠ ᠪᠠ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠭᠤᠤᠯᠯᠠᠨ ᠡᠷᠭᠢᠯᠡᠭᠰᠡᠨ ︽ᠬᠤ᠋ ᠰᠢᠨ ᠳ᠋ᠣᠣ ᠨᠠᠭᠤᠷ ᠳᠠᠬᠢ  ᠪᠣᠯᠵᠤᠭ᠎ᠠ︾ ᠭᠡᠬᠦ ᠣᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠰᠢᠷᠢᠰ ᠠᠵᠢᠯᠯᠠᠭ᠎ᠠ ᠵᠢᠴᠢ ᠦᠷᠣᠭᠡᠨ ᠭᠠᠳᠠᠨᠠᠬᠢ ᠦᠨᠡᠮᠯᠡᠯ ᠣᠯᠭᠤᠬᠤ ᠶᠣᠰᠣᠯᠠᠯ ᠳᠤ ᠣᠷᠣᠯᠴᠠᠭᠤᠯᠪᠠ᠃     ᠡᠨᠡ ᠤᠳᠠᠭᠠᠨ ᠤ ᠠᠵᠢᠯᠯᠠᠭ᠎ᠠ ᠨᠢ ᠨᠡᠶᠢᠭᠡᠮ ᠤᠨ ᠡᠯ᠎ᠡ ᠡᠲᠡᠭᠡᠳ ᠤᠨ ᠬᠠᠮᠲᠤ ᠶᠢᠨ ᠴᠢᠷᠮᠠᠢᠯᠭ᠎ᠠ ᠳᠣᠣᠷ᠎ᠠ᠂ ᠪᠣᠯᠪᠠᠰᠤᠨ ᠣᠷᠤᠭ ᠬᠤᠷᠢᠮ ᠤᠨ ᠵᠠᠩᠰᠢᠯ ᠰᠢᠯᠢᠳᠡᠭ ᠬᠡᠪ ᠰᠤᠷᠲᠠᠯ ᠢ ᠬᠥᠮᠦᠰ ᠤᠨ ᠰᠡᠳᠭᠢᠯ ᠳᠤ ᠬᠠᠳᠡᠩᠰᠢᠭᠤᠯᠪᠡ᠃ ᠢᠷᠡᠭᠡᠳᠦᠢ ᠳᠤ᠂ ᠸᠧᠨᠴᠢᠤᠸᠠᠨ ᠵᠡᠭᠡᠯᠢ ᠶᠢᠨ ᠡᠪᠯᠡᠯ ᠤᠨ ᠬᠤᠷᠢᠶ᠎ᠠ ᠦᠪᠡᠷ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠤᠯᠠᠨ ᠶᠠᠩᠵᠤ ᠬᠡᠯᠪᠡᠷᠢ ᠶᠢᠨ᠂ ᠤᠳᠬ᠎ᠠ ᠠᠭᠤᠯᠭ᠎ᠠ ᠲᠠᠢ ᠠᠵᠢᠯᠯᠠᠭ᠎ᠠ ᠥᠷᠨᠢᠭᠦᠯᠵᠦ᠂ ᠨᠡᠩ ᠤᠯᠠᠨ ᠵᠠᠯᠠᠭᠤᠴᠤᠳ ᠢ ᠰᠢᠨ᠎ᠡ ᠴᠠᠭ ᠦᠶ᠎ᠡ ᠶᠢᠨ ᠣᠷᠤᠭ ᠬᠤᠷᠢᠮ ᠤᠨ ᠵᠠᠩᠰᠢᠯ ᠤᠨ ᠰᠣᠶᠣᠯ ᠤᠨ ᠰᠠᠨᠠᠭᠠᠴᠢᠯᠠᠭᠴᠢ ᠪᠠ ᠦᠢᠯᠡᠳᠦᠯᠭᠡᠵᠢᠭᠦᠯᠦᠭᠴᠢ ᠪᠣᠯᠬᠤ ᠶᠢ ᠰᠣᠷᠳᠡᠯᠴᠢᠯᠡᠨ᠎ᠠ᠃
 
ᠢᠷᠡᠯᠲᠡ᠄ ᠷᠡᠰᠢᠶᠠᠨ ᠬᠤᠳᠡ ᠶᠢᠨ ᠸᠧᠨᠴᠢᠣᠸᠠᠨ ᠵᠡᠭᠡᠯᠢ ᠶᠢᠨ ᠭᠡᠷᠡᠭ ᠡᠷᠬᠢᠯᠡᠬᠦ ᠭᠠᠵᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号