ᠨᠠᠮ ᠤᠨ ᠪᠠᠶᠢᠭᠤᠯᠤᠯᠲᠠ ᠶᠢᠨ ᠲᠠᠶᠢᠴᠢᠯᠡᠨ ᠳᠠᠭᠠᠭᠤᠯᠬᠤ ᠴᠢᠳᠡᠪᠣᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ︽ᠢᠵᠢᠯᠢ ᠲᠥᠪᠲᠦ ᠲᠣᠭᠤᠷᠢᠭ︾ ᠢ ᠪᠠᠶᠢᠭᠤᠯᠣᠨ᠂ ︽ᠨᠢᠭᠡ | ᠬᠥᠯᠭᠡ ᠰᠢᠲᠠᠷ᠎ᠠ︾ ᠶᠢᠨ ᠠᠵᠢᠯ ᠤᠨ ᠦᠵᠡᠯ ᠣᠬᠠᠮᠰᠠᠷ ᠢ ᠪᠦᠷᠢᠯᠳᠦᠭᠦᠯᠵᠦ᠂ ᠬᠠᠷᠢᠶ᠎ᠠ ᠣᠷᠣᠨ ᠤ ᠰᠠᠭᠤᠭᠠᠯᠢ | ᠠᠷᠠᠳ ᠲᠤ ᠨᠡᠩ ᠰᠠᠶᠢᠨ ᠦᠢᠯᠡᠴᠢᠯᠡᠬᠦ ᠶᠢᠨ ᠲᠥᠯᠥᠭᠡ᠂ 5 ᠰᠠᠷ᠎ᠠ ᠶᠢᠨ 19 ᠤ ᠡᠳᠦᠷ᠂ ᠷᠡᠰᠢᠶᠠᠨ ᠬᠤᠳᠡ ᠶᠢᠨ | ᠢᠷᠪᠢᠰ ᠵᠡᠭᠡᠯᠢ ᠶᠢᠨ ᠨᠦᠮᠣᠷᠭᠡᠨ ᠨᠡᠶᠢᠭᠡᠮ ᠲᠣᠭᠤᠷᠢᠭ ︽ᠪᠥᠬᠦ ᠣᠷᠣᠨ ᠪᠦᠰᠠ ᠪᠠᠷ ᠢᠶᠠᠨ ᠬᠠᠷᠢᠯᠴᠠᠨ | ᠬᠤᠯᠪᠣᠭᠠᠯᠠᠵᠤ ᠬᠦᠴᠦ ᠪᠠᠨ ᠬᠠᠮᠲᠤᠳᠬᠠᠨ ᠢᠵᠢᠯᠢ ᠲᠦᠪᠳᠣ ᠲᠣᠭᠤᠷᠢᠭ ᠢ ᠬᠠᠮᠳᠣᠪᠡᠷ ᠰᠠᠶᠢᠲᠤᠷ ᠵᠢᠷᠣᠬᠯᠠᠶᠠ︾ | ᠭᠡᠬᠦ ᠪᠥᠬᠦ ᠣᠷᠣᠨ ᠪᠦᠰᠡ ᠶᠢᠨ ᠬᠠᠷᠢᠯᠴᠠᠨ ᠬᠤᠯᠪᠣᠭᠠᠯᠠᠵᠤ ᠬᠠᠮᠲᠣᠪᠡᠷ ᠪᠠᠶᠢᠭᠤᠯᠬᠤ ᠭᠡᠷ᠎ᠡ ᠲᠣᠭᠲᠠᠬᠤ ᠶᠣᠰᠣᠯᠠᠯ | ᠶᠠᠪᠤᠭᠤᠯᠪᠠ᠃ | ᠶᠣᠰᠣᠯᠠᠯ ᠳᠤ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠱᠦᠵᠢ ᠰᠦᠨ ᠰᠢᠶᠤᠤ ᠶᠠ | 2024 ᠣᠨ ᠤ ᠬᠠᠷᠢᠯᠴᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠠᠵᠢᠯ ᠤᠨ ᠦᠷ᠎ᠡ ᠪᠦᠲᠦᠮᠵᠢ ᠶᠢ ᠪᠦᠬᠦ | ᠲᠠᠯ᠎ᠠ ᠪᠠᠷ ᠳ᠋ᠦᠩᠨᠡᠵᠦ᠂ ᠡᠯ᠎ᠡ ᠰᠠᠭᠤᠭ᠎ᠠ ᠪᠠᠶᠢᠭᠤᠯᠭ᠎ᠠ ᠨᠢᠭᠡᠴᠢ ᠳᠤ ᠴᠢᠩ ᠰᠡᠳᠬᠢᠯ ᠤᠨ ᠲᠠᠯᠠᠷᠬᠠᠯ ᠢᠶᠠᠨ | ᠢᠯᠡᠳᠬᠡᠬᠦ ᠶᠢᠨ ᠬᠠᠮᠲᠤ ᠬᠠᠷᠢᠯᠴᠠᠨ ᠬᠤᠯᠪᠣᠭᠠᠯᠠᠵᠤ ᠬᠠᠮᠲᠤᠪᠠᠷ ᠪᠠᠶᠢᠭᠤᠯᠬᠤ ᠠᠵᠢᠯ ᠤᠨ ᠶᠠᠰᠤ ᠴᠢᠨᠠᠷ ᠢ | ᠴᠢᠨᠠᠭᠰᠢᠳᠠ ᠳᠡᠭᠡᠭᠰᠢᠯᠡᠭᠦᠯᠬᠦ ᠲᠤᠬᠠᠢ ᠰᠠᠨᠠᠭᠤᠯᠭ᠎ᠠ ᠭᠠᠷᠭᠠᠪᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ | ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠵᠢᠴᠢ ᠹᠧᠩ ᠱᠧᠩ ᠶᠤᠸᠠᠨ ᠪᠠᠯᠠ ᠣᠷᠣᠭᠤᠯᠤᠯᠲᠠ ᠶᠢᠨ | ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢ ᠲᠣᠰ ᠲᠣᠰ ᠶᠠᠷᠢᠶ᠎ᠠ ᠲᠠᠯᠪᠢᠵᠤ᠂ ᠬᠠᠷᠢᠯᠴᠠᠨ ᠬᠠᠮᠵᠢᠯᠴᠠᠬᠤ ᠪᠠᠨ | ᠦᠷᠭᠦᠯᠵᠢᠯᠡᠨ ᠴᠢᠩᠭᠠᠳᠬᠠᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠪᠠ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ ᠶᠢ ᠪᠡᠶᠡᠯᠡᠭᠦᠯᠦᠨ᠎ᠡ ᠭᠡᠵᠦ ᠢᠯᠡᠳᠬᠡᠪᠡ᠃ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ | ᠨᠠᠮ ᠤᠨ ᠡᠭᠦᠷ ᠪᠥᠬᠦ ᠣᠷᠣᠨ ᠪᠦᠰᠠ ᠶᠢᠨ ᠬᠠᠷᠢᠯᠴᠠᠨ ᠬᠤᠯᠪᠣᠭᠠᠯᠠᠵᠤ ᠬᠠᠮᠲᠣᠪᠡᠷ ᠪᠠᠶᠢᠭᠤᠯᠬᠤ 19 ᠪᠠᠶᠢᠭᠤᠯᠭ᠎ᠠ | ᠨᠢᠭᠡᠴᠢ ᠲᠠᠢ ︽ᠪᠥᠬᠦ ᠣᠷᠣᠨ ᠪᠦᠰᠠ ᠶᠢᠨ ᠬᠠᠷᠢᠯᠴᠠᠨ ᠬᠤᠯᠪᠣᠭᠠᠯᠠᠵᠤ ᠬᠠᠮᠲᠣᠪᠡᠷ ᠪᠠᠶᠢᠭᠤᠯᠬᠤ ᠬᠡᠯᠡᠯᠴᠡᠭᠡᠷ ᠤᠨ | ᠪᠢᠴᠢᠭ︾ ᠲᠣᠭᠲᠠᠵᠤ᠂ ᠡᠬᠢ ᠪᠠᠶᠠᠯᠢᠭ ᠤᠨ ᠨᠠᠷᠢᠨ ᠲᠠᠩᠰᠠ ᠪᠠ ᠬᠡᠷᠡᠭᠴᠡᠭᠡ ᠱᠠᠭᠠᠷᠳᠠᠯᠭ᠎ᠠ ᠶᠢᠨ ᠣᠶᠢᠯᠡᠴᠢᠯᠡᠭᠡᠨ ᠤ | ᠨᠠᠷᠢᠨ ᠲᠠᠩᠰᠠ ᠶᠢ ᠲᠣᠬᠳᠡᠭᠠᠵᠣ᠂ ᠡᠬᠢ ᠪᠠᠶᠠᠯᠢᠭ ᠢ ᠬᠠᠷᠢᠯᠴᠠᠨ ᠨᠥᠬᠦᠪᠥᠷᠢᠯᠡᠬᠦ᠂ ᠬᠠᠮᠲᠣᠪᠡᠷ ᠤᠷᠤᠭᠰᠢᠯᠠᠬᠤ | ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠪᠡ᠃ | ᠳᠠᠷᠠᠭᠠᠴᠢ ᠶᠢᠨ ᠠᠯᠬᠤᠮ ᠳᠤ᠂ ᠢᠷᠪᠢᠰ ᠵᠡᠭᠡᠯᠢ ᠶᠢᠨ ᠨᠦᠮᠦᠷᠭᠡᠨ ᠨᠡᠶᠢᠭᠡᠮ ᠲᠣᠭᠤᠷᠢᠭ ᠤᠨ ᠬᠢᠨ ᠨᠠᠮ ᠤᠨ | ᠪᠠᠶᠢᠭᠤᠯᠤᠯᠲᠠ ᠶᠢᠨ ᠲᠠᠶᠢᠴᠢᠯᠡᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠶ᠎ᠠ ᠣᠷᠣᠨ ᠳᠤ | ᠰᠠᠭᠤᠭ᠎ᠠ ᠪᠠᠶᠢᠭᠤᠯᠭ᠎ᠠ ᠨᠢᠭᠡᠴᠢ ᠯᠦᠭᠡ ᠶᠢᠨ ᠬᠤᠯᠪᠣᠭᠠᠯᠠᠨ ᠬᠥᠳᠡᠯᠦᠯᠴᠡᠬᠦ ᠠᠵᠢᠯ ᠢ ᠦᠷᠭᠦᠯᠵᠢᠯᠡᠨ | ᠭᠦᠨᠵᠡᠭᠡᠶᠢᠷᠡᠭᠦᠯᠵᠦ᠂ ︽ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ | ᠬᠠᠮᠲᠤᠪᠠᠷ ᠰᠠᠭᠤᠵᠤ ᠬᠠᠮᠲᠤᠪᠠᠷ ᠪᠠᠶᠢᠭᠤᠯᠬᠤ︾ ᠦᠢᠯᠡᠴᠢᠯᠡᠭᠡᠨ ᠤ ᠲᠣᠭᠲᠠᠴᠠ ᠶᠢ ᠪᠦᠷᠢᠯᠳᠣᠬᠦᠯᠵᠣ᠂ ᠨᠡᠶᠢᠭᠡᠮ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃ |