5 ᠰᠠᠷ᠎ᠠ ᠶᠢᠨ 20 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠲᠠᠪᠤᠳᠤᠭᠠᠷ ᠬᠤᠭᠤᠴᠠᠭᠠᠨ ᠤ | ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 98 ᠳ᠋ᠤᠭᠠᠷ ᠤᠳᠠᠭ᠎ᠠ ᠶᠢᠨ ᠬᠤᠷᠠᠯ ᠢ | ᠬᠤᠷᠠᠯᠳᠤᠭᠤᠯᠪᠡ᠃ ᠬᠤᠷᠡᠯ ᠲᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠢᠩᠭᠠᠨ | ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ | ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠵᠤ | ᠠᠬᠤᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ | ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠠᠷᠠᠯᠲᠡᠳᠣ ᠡᠬᠦᠷᠭᠡ ᠶᠢ ᠪᠦᠬᠦ | ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠭᠡᠵᠣ ᠴᠢᠬᠤᠯᠠᠴᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠤ ︽ᠠᠷᠪᠠᠨ ᠲᠠᠪᠤᠳᠤᠭᠠᠷ ᠲᠠᠪᠤᠨ | ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠡ᠃ ᠬᠤᠷᠡᠯ ᠳᠤ᠂ ᠢᠳᠡᠪᠬᠢᠲᠡᠢ ᠪᠠᠷ ᠳᠡᠭᠡᠳᠣ | ᠱᠠᠳᠣ ᠲᠠᠢ ᠠᠵᠢᠯ ᠢᠶᠠᠨ ᠵᠣᠯᠭᠠᠭᠤᠯᠣᠨ᠂ ᠷᠠᠰᠢᠶᠠᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠨᠠᠶᠢᠷᠠᠭᠤᠯᠤᠨ ᠵᠣᠬᠢᠶᠠᠵᠤ᠂ ᠨᠡᠩ ᠤᠯᠠᠨ | ᠪᠦᠬᠦ ᠲᠠᠯ᠎ᠠ ᠶᠢᠨ ᠴᠢᠨᠠᠷᠲᠠᠢ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠳᠡᠭᠡᠳᠦ ᠱᠠᠲᠤᠨ ᠤ | ᠲᠥᠯᠥᠪᠵᠢᠭᠦᠯᠭᠡ ᠶᠢᠨ ᠬᠡᠪᠴᠢᠶᠡᠨ ᠳᠤ ᠣᠷᠣᠭᠤᠯᠬᠤ ᠬᠡᠷᠡᠭᠲᠡᠢ᠃ ᠬᠥᠭᠵᠢᠯᠲᠡ ᠶᠢᠨ ᠳᠤᠮᠳᠠ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠣ | ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠣᠷᠣᠰᠢᠨ | ᠰᠠᠭᠤᠬᠤ ᠳᠤ ᠲᠣᠬᠢᠷᠠᠮᠵᠢᠲᠠᠢ ᠵᠢᠭᠤᠯᠴᠢᠯᠠᠯ ᠤᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠨᠡᠩ ᠤᠯᠠᠨ ᠠᠰᠢᠭ | ᠬᠦᠷᠲᠡᠭᠡᠬᠦ ᠬᠡᠷᠡᠭᠲᠡᠢ ᠭᠡᠵᠣ ᠴᠢᠬᠤᠠᠴᠢᠯᠡᠵᠡᠢ᠃ | ᠬᠤᠷᠠᠯ ᠠᠴᠠ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ᠂ | ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ ᠠᠪᠴᠢᠷᠡᠬᠤ᠂ ᠪᠦᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠵᠡᠷᠭᠡ ᠠᠵᠢᠯ ᠤᠨ | ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠡ᠃ ᠬᠤᠷᠡᠯ ᠳᠤ᠂ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ | ᠠᠳᠬᠤᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠴᠡᠭᠴᠡᠯᠡᠨ ᠰᠠᠶᠢᠵᠢᠷᠠᠭᠤᠯᠬᠤ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠭᠡᠯ ᠨᠢ ᠲᠡᠦᠬᠡ ᠪᠠ ᠪᠣᠳᠡᠳᠡᠢ ᠦᠢᠯᠡᠳᠦᠯᠭᠡ ᠶᠢᠨ ᠰᠢᠯᠭᠠᠯᠲᠠ ᠶᠢ ᠬᠦᠯᠢᠶᠠᠵᠣ ᠴᠢᠳᠡᠬᠤ ᠶᠢ ᠪᠠᠲᠤᠯᠠᠬᠤ | ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠬᠢᠷᠠᠭᠤᠯᠭ᠎ᠠ ᠶᠢ ᠴᠢᠩᠭᠠᠳᠬᠠᠨ᠂ | ᠲᠣᠭᠲᠠᠴᠠ ᠶᠢᠨ ᠰᠢᠨ᠎ᠡ ᠶᠢ ᠡᠭᠦᠳᠴᠦ᠂ ᠲᠦᠷᠦᠯ ᠵᠦᠢᠯ ᠤᠨ ᠬᠥᠮᠥᠷᠭᠡ᠂ ᠡᠬᠢ ᠪᠠᠶᠠᠯᠢᠭ ᠤᠨ ᠬᠥᠮᠥᠷᠭᠡ ᠪᠣᠯᠤᠨ | ᠮᠡᠳᠡᠭᠡ ᠵᠠᠩᠭᠢ ᠶᠢᠨ ᠬᠥᠮᠥᠷᠭᠡ ᠶᠢ ᠪᠦᠷᠢᠨᠰᠢᠬᠦᠯᠵᠦ᠂ ᠬᠠᠯᠠᠭᠤᠨ ᠷᠠᠰᠢᠶᠠᠨ ᠪᠠᠭᠤᠳᠠᠯ᠂ ᠷᠠᠰᠢᠶᠠᠨ ᠤ ᠨᠡᠭᠡᠭᠡᠨ | ᠬᠥᠭᠵᠢᠭᠦᠯᠦᠯᠲᠡ᠂ ᠮᠥᠰᠥ ᠴᠠᠰᠤᠨ ᠤ ᠠᠵᠤ ᠠᠬᠤᠢ ᠵᠡᠷᠭᠡ ᠭᠤᠣᠯᠳᠠᠯᠭ᠎ᠠ ᠲᠠᠢ ᠬᠦᠷᠢᠶᠡᠨ ᠳᠤ᠂ ᠠᠷᠠᠯᠵᠢᠶᠠᠴᠢᠨ | ᠤᠷᠢᠬᠤ ᠲᠦᠷᠦᠯ ᠵᠦᠢᠯ ᠢ ᠤᠨᠢᠨ ᠳᠡᠭᠡᠷ᠎ᠡ ᠨᠢ ᠲᠥᠯᠥᠪᠵᠢᠭᠦᠯᠵᠦ᠂ ᠰᠤᠯᠠ ᠪᠠᠶᠢᠭ᠎ᠠ ᠲᠦᠷᠦᠯ ᠵᠦᠢᠯ ᠢ | ᠪᠦᠲᠦᠮᠵᠢᠲᠡᠢ ᠠᠰᠢᠬᠯᠠᠵᠣ᠂ ᠳᠡᠭᠡᠷ᠎ᠡ ᠬᠠᠭᠠᠰ ᠵᠢᠯ ᠤᠨ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠣᠨ | ᠠᠪᠴᠢᠷᠡᠬᠤ ᠠᠵᠢᠯ ᠪᠣᠯᠤᠨ ᠣᠨ ᠤ ᠬᠠᠷᠠᠯᠲᠠ ᠡᠭᠦᠷᠭᠡ ᠢᠶᠠᠨ ᠲᠦᠷᠭᠡᠳᠭᠡᠨ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ | ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠶᠢ ᠪᠥᠬᠦ ᠵᠢᠯ ᠤᠨ ᠭᠤᠤᠯᠳᠠᠯᠭ᠎ᠠ ᠲᠠᠢ ᠠᠵᠢᠯ ᠪᠣᠯᠭᠠᠵᠤ᠂ ︽ᠭᠠᠳᠠᠭᠰᠢ ᠭᠠᠷᠭᠠᠬᠤ︾ ᠪᠠ ︽ᠤᠷᠢᠨ | ᠠᠪᠴᠢᠷᠠᠬᠤ︾ ᠶᠢ ᠤᠶᠠᠯᠳᠤᠭᠤᠯᠬᠤ ᠶᠢ ᠪᠠᠷᠢᠮᠲᠠᠯᠠᠨ᠂ ᠳᠡᠭᠡᠳᠦ ᠱᠠᠲᠤ ᠲᠠᠢ ᠨᠡᠪᠲᠡᠷᠡᠯᠴᠡᠨ ᠵᠣᠯᠭᠠᠭᠤᠯᠬᠤ ᠶᠢ ᠤᠯᠠᠮ | ᠨᠢᠭᠡ ᠠᠯᠬᠤᠮ ᠴᠢᠩᠭᠠᠳᠬᠠᠵᠤ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠢ ᠪᠥᠬᠦ ᠲᠠᠯ᠎ᠠ ᠪᠠᠷ ᠰᠠᠶᠢᠲᠤᠷ | ᠬᠢᠵᠦ᠂ ᠡᠭᠦᠳᠦᠨ ᠪᠠᠶᠢᠭᠤᠯᠬᠤ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ ᠪᠠᠰᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ | ᠪᠠᠳᠣ ᠴᠣᠬᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ | ᠣᠷᠣᠨ ᠤ ᠠᠷᠭ᠎ᠠ ᠬᠡᠮᠵᠢᠶ᠎ᠡ ᠤᠳ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ | ᠲᠢᠩᠬᠢᠮ ᠤᠨ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠦᠵᠡᠯ ᠤᠬᠠᠮᠰᠠᠷ ᠤᠨ ᠬᠡᠯᠪᠡᠷᠢᠴᠢ | ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ ᠪᠣᠯᠤᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ | ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢᠴᠢ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ | ᠲᠤᠷᠰᠢᠨ ᠬᠡᠷᠡᠭᠵᠢᠭᠦᠯᠬᠦ︶︾ ᠶᠢ ᠤᠯᠠᠮᠵᠢᠯᠠᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠷᠠᠰᠢᠶᠠᠨ ᠬᠤᠳᠠ ᠶᠢᠨ ᠬᠤᠷᠢᠶᠠᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ | ᠪᠠᠶᠢᠭᠤᠯᠤᠯᠲᠠ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠥᠪᠯᠡᠯ ᠤᠨ ᠠᠵᠢᠯ ᠤᠨ ᠲᠦᠷᠢᠮ ︵ | ᠬᠤᠷᠠᠯ ᠤᠨ ᠬᠢᠨᠠᠨ ᠵᠥᠪᠯᠡᠬᠦ ᠡᠭᠡ ᠪᠢᠴᠢᠭ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠢᠯᠢ ᠶᠢᠨ | ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠬᠦ ᠵᠡᠷᠭᠡ ᠠᠵᠢᠯ ᠳᠤ ᠪᠣᠳᠠᠲᠠᠢ ᠪᠠᠶᠢᠷᠢᠯᠠᠭᠤᠯᠤᠯᠲᠠ | ᠬᠢᠭᠰᠡᠨ ᠪᠥᠭᠡᠳ ᠪᠤᠰᠤᠳ ᠵᠦᠢᠯᠡᠰ ᠢ ᠰᠤᠳᠤᠯᠵᠠᠢ᠃ |