ᠷᠠᠰᠢᠶᠠᠨ ᠬᠤᠲᠠ ᠶᠢᠨ ᠨᠠᠮ ᠤᠨ ᠬᠤᠷᠢᠶ᠎ᠠ ᠨᠡᠶᠢᠭᠡᠮ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/22
    5 ᠰᠠᠷ᠎ᠠ ᠶᠢᠨ 20 ᠤ ᠡᠳᠦᠷ᠂ ᠷᠠᠰᠢᠶᠠᠨ ᠬᠤᠳᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠢ ᠬᠤᠷᠠᠯᠳᠤᠭᠤᠯᠪᠡ᠃ ᠬᠤᠷᠡᠯ ᠲᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠲᠦᠪ ᠬᠤᠷᠢᠶ᠎ᠠ ᠵᠢᠴᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ᠂ ᠪᠦᠬᠦ ᠬᠤᠳᠠ ᠪᠠᠷ ᠢᠶᠠᠨ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠪᠠᠶᠢᠷᠢ ᠰᠠᠭᠤᠷᠢ ᠦᠢᠯᠡᠳᠦᠯ᠂ ᠬᠡᠯᠪᠡᠷᠢ ᠪᠠᠶᠢᠳᠡᠯ ᠪᠣᠯᠣᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠳᠡᠵᠦ᠂ ︽ᠬᠤᠶᠠᠷ ᠢ ᠲᠣᠭᠲᠠᠭᠠᠬᠰᠠᠨ︾ ᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠦᠢᠯᠡ ᠠᠵᠢᠯᠯᠠᠭ᠎ᠠ ᠲᠡᠭᠡᠷ᠎ᠡ ᠪᠠᠨ ᠨᠢᠭᠡᠳᠬᠡᠵᠦ᠂  ᠠᠵᠢᠯᠯᠠᠭ᠎ᠠ ᠲᠡᠭᠡᠷ᠎ᠡ ᠪᠠᠨ ᠵᠥᠪ ᠤᠯᠤᠰ ᠲᠦᠷᠦ ᠶᠢᠨ ᠴᠢᠭᠯᠡᠯ ᠢ ᠪᠠᠲᠤᠯᠠᠬᠤ ᠬᠡᠷᠡᠭᠲᠡᠢ᠃ ᠨᠡᠶᠢᠭᠡᠮ ᠤᠨ ᠠᠵᠢᠯ ᠤᠨ ᠪᠠᠶᠢᠭᠤᠯᠤᠮᠵᠢ ᠲᠣᠭᠲᠠᠴᠠ ᠶᠢ ᠲᠦᠷᠭᠡᠳᠭᠡᠨ ᠪᠦᠷᠢᠨᠰᠢᠬᠦᠯᠵᠦ᠂ ᠰᠢᠨ᠎ᠡ ᠬᠡᠯᠪᠡᠷᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠰᠲ᠋ᠧᠮ ᠪᠡ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ᠂ ᠤᠯᠠᠨ ᠲᠦᠮᠡᠨ ᠳᠤ ᠦᠢᠯᠡᠴᠢᠯᠡᠬᠦ ᠠᠵᠢᠯ ᠤᠨ ᠰᠢᠰᠲ᠋ᠧᠮ ᠢ ᠬᠦᠴᠦᠯᠡᠨ ᠰᠠᠶᠢᠲᠤᠷ ᠪᠠᠶᠢᠭᠤᠯᠵᠤ᠂ ᠷᠡᠰᠢᠶᠠᠨ ᠬᠤᠳᠠ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃    ᠬᠤᠷᠠᠯ ᠠᠴᠠ᠂ ᠨᠠᠮ ᠤᠨ ᠪᠠᠶᠢᠭᠤᠯᠤᠯᠲᠠ ᠪᠠᠷ ᠲᠠᠶᠢᠴᠢᠯᠡᠨ ᠳᠠᠭᠠᠭᠤᠯᠬᠤ ᠶᠢ ᠴᠢᠩᠭᠠᠳᠬᠠᠨ᠂ ᠵᠦᠢ ᠵᠣᠬᠢᠰᠲᠠᠢ ᠪᠠᠶᠢᠭᠤᠯᠬᠤ᠂ ᠲᠦᠷᠦᠯ ᠬᠤᠪᠢᠶᠠᠨ ᠬᠠᠮᠢᠶᠠᠷᠬᠤ᠂ ᠬᠦᠴᠦᠨ ᠢᠶᠠᠨ ᠲᠥᠪᠯᠡᠷᠡᠭᠦᠯᠦᠨ ᠠᠬᠢᠭᠤᠯᠬᠤ ᠶᠢ ᠪᠡᠶᠡᠯᠡᠭᠦᠯᠵᠦ᠂ ᠰᠢᠨ᠎ᠡ ᠬᠡᠯᠪᠡᠷᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠯᠠᠪᠳᠠᠭᠤᠨ ᠢᠶᠠᠷ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠡᠪᠣᠷᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠡᠪᠣᠷᠢ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠳᠤ ᠦᠢᠯᠡᠴᠢᠯᠡᠬᠦ ᠶᠢ ᠴᠢᠩᠭᠠᠳᠬᠠᠵᠣ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠢ ᠦᠷᠭᠦᠯᠵᠢᠯᠡᠨ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠪᠣᠯᠤᠨ ᠨᠡᠶᠢᠭᠡᠮ ᠤᠨ ᠠᠵᠢᠯᠳᠠᠨ ᠤ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠨᠡᠩ ᠰᠠᠶᠢᠲᠤᠷ ᠬᠠᠷᠢᠭᠤᠯᠲᠠ ᠥᠭᠴᠦ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠠᠮᠤᠷ ᠲᠣᠭᠲᠠᠭᠤᠨ ᠢ ᠬᠠᠮᠠᠭᠠᠯᠠᠵᠤ᠂ ᠬᠠᠷᠢᠶ᠎ᠠ ᠭᠠᠵᠠᠷ ᠤᠨ ᠲᠣᠭᠲᠠᠭᠤᠨ ᠢᠶᠠᠷ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠣᠨ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠵᠠᠷᠴᠢᠮ ᠢ ᠴᠢᠩᠭ᠎ᠠ ᠵᠢᠷᠤᠮᠯᠠᠨ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠯ ᠢ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠢ ᠪᠣᠳᠠᠲᠠᠢ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠴᠠᠬᠢᠯᠭᠠᠨ ᠣᠳᠡᠰᠣ ᠪᠠᠭᠠᠨ᠎ᠠ ᠶᠢ ᠡᠮᠬᠢ ᠵᠢᠷᠤᠮ ᠲᠠᠢ ᠪᠠᠶᠢᠭᠤᠯᠬᠤ᠂ ︽ᠲᠣᠭᠤᠷᠢᠨ ᠴᠠᠭᠳᠠᠬᠤ ᠪᠣᠯᠣᠨ ᠰᠦᠯᠵᠢᠶ᠎ᠠ ᠪᠠᠷ ᠪᠠᠶᠢᠴᠠᠭᠠᠬᠤ ᠶᠢ ᠠᠭᠤᠰᠤᠯᠴᠠᠭᠤᠯᠬᠤ︾ ᠪᠡ ᠰᠦᠯᠵᠢᠶ᠎ᠡ ᠪᠠᠷ ᠲᠡᠷᠭᠡ ᠪᠣᠯᠵᠣᠬᠤ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠤᠯᠠᠨ ᠲᠦᠮᠡᠨ ᠤ ᠠᠮᠢᠳᠤᠷᠠᠯ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ᠂ ᠨᠡᠶᠢᠭᠡᠮ ᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠨᠡᠶᠢᠭᠡᠮ ᠤᠨ ᠠᠵᠢᠯ ᠤᠨ ᠪᠠᠶᠢᠭᠤᠯᠭ᠎ᠠ ᠨᠢᠭᠡᠴᠢ ᠶᠢᠨ ᠰᠠᠯᠠᠭ᠎ᠠ ᠮᠥᠴᠢᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠡᠬᠢ ᠪᠠᠶᠠᠯᠢᠭ ᠤᠨ ᠬᠦᠴᠦᠨ ᠢ ᠪᠦᠲᠦᠮᠵᠢᠲᠡᠢ ᠡᠮᠬᠢᠯᠡᠬᠦ ᠶᠢ ᠠᠬᠢᠭᠤᠯᠣᠨ᠂ ᠨᠡᠩ ᠴᠢᠩᠭ᠎ᠠ ᠬᠠᠮᠲᠤᠷᠠᠯ ᠤᠨ ᠬᠦᠴᠦᠨ ᠢᠶᠠᠷ ᠪᠦᠬᠦ ᠬᠤᠳᠠ ᠶᠢᠨ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠬᠡᠵᠣ ᠴᠢᠬᠤᠯᠠᠴᠢᠯᠡᠪᠡ᠃
 
ᠢᠷᠡᠯᠲᠡ᠄ ᠷᠠᠰᠢᠶᠠᠨ ᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号